ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ 5 ᠪᠦᠲᠦᠭᠡᠯ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠰᠢᠯᠢᠳᠡᠭ ᠪᠦᠲᠦᠭᠡᠯ ᠤᠨ ᠱᠠᠩᠨᠠᠯ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2025/6/10
      ᠣᠶᠢᠷ᠎ᠠ ᠳᠤ᠂ ᠥᠪᠥᠷ ᠮᠣᠩᠭᠤᠯ ᠤᠨ ᠪᠣᠯᠪᠠᠰᠤᠨ ᠰᠦᠯᠵᠢᠶ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠰᠢᠯᠢᠳᠡᠭ ᠪᠦᠲᠦᠭᠡᠯ ᠤᠨ ᠱᠠᠩᠨᠠᠯ ᠢ ᠰᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠵᠦ᠂ ᠮᠠᠨ ᠤ ᠣᠷᠣᠨ ᠤ 3 ᠶᠡᠭᠡ ᠳᠡᠭᠡᠳᠦ ᠰᠤᠷᠭᠠᠭᠤᠯᠢ ᠶᠢᠨ 5 ᠪᠦᠲᠦᠭᠡᠯ ᠰᠣᠩᠭᠤᠭᠳᠠᠪᠠ᠃

1.jpg

      ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ

ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠢ ᠶᠢᠨ ᠫᠢᠩ ᠤᠨ

ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠡᠷᠢᠭᠦᠨ ᠤ ᠰᠣᠶᠣᠯ ᠢ

ᠪᠠᠳᠠᠷᠠᠭᠤᠯᠬᠤ᠂ ᠰᠢᠯᠢᠳᠡᠭ ᠪᠦᠲᠦᠭᠡᠯ ᠢ ᠢᠯᠡᠭᠦᠬᠡᠨ ᠭᠠᠷᠭᠠᠬᠤ ᠪᠠᠷ ᠬᠠᠷᠠᠯᠲᠠ ᠪᠣᠯᠭᠠᠨ᠂ ᠬᠤᠪᠢᠰᠬᠠᠯᠲᠤ ᠤᠳᠬ᠎ᠠ

ᠤᠷᠠᠯᠢᠭ ᠤᠨ ᠰᠢᠯᠢᠳᠡᠭ ᠪᠦᠲᠦᠭᠡᠯ ᠪᠣᠯᠤᠨ ᠴᠢᠬᠤᠯᠠ ᠶᠡᠭᠡ ᠣᠨᠣᠯ ᠤᠨ ᠰᠤᠳᠤᠯᠭᠠᠨ ᠤ ᠦᠷ᠎ᠡ ᠪᠦᠲᠦᠭᠡᠯ ᠢ

ᠦᠷᠭᠦᠯᠵᠢᠯᠡᠨ ᠪᠤᠶᠢᠵᠢᠭᠤᠯᠪᠠ᠃ ᠡᠯ᠎ᠡ ᠭᠤᠭᠴᠤᠭᠠᠨ ᠳᠤ᠂ ᠪᠥᠲᠦᠭᠡᠯ ᠨᠢᠭᠡ ᠪᠦᠷᠢ ᠨᠢ ᠴᠥᠮ ᠤᠷᠠᠨ ᠳᠠᠷᠬᠠᠨ ᠤ

ᠰᠡᠳᠬᠢᠯ ᠢ ᠨᠢᠭᠲᠠᠷᠠᠭᠤᠯᠵᠤ᠂ ᠢᠲᠡᠭᠡᠯ ᠪᠢᠰᠢᠷᠡᠯ ᠤᠨ ᠬᠦᠴᠦᠨ ᠢ ᠳᠠᠮᠵᠢᠭᠤᠯᠪᠠ᠃

      ᠳᠠᠷᠠᠭ᠎ᠠ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠰᠢᠰᠲ᠋ᠧᠮ ᠤᠨ ᠬᠢᠨ ᠣᠨᠣᠯ ᠤᠨ ᠰᠤᠳᠤᠯᠭᠠᠨ ᠪᠣᠯᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠴᠢᠳᠠᠪᠤᠷᠢᠲᠠᠨ ᠢ

ᠦᠷᠭᠦᠯᠵᠢᠯᠡᠨ ᠬᠦᠴᠦᠯᠡᠨ ᠬᠥᠮᠦᠵᠢᠭᠦᠯᠵᠦ᠂ ᠥᠪᠥᠷ ᠮᠣᠩᠭᠤᠯ ᠤᠨ ᠬᠤᠪᠢᠰᠬᠠᠯ ᠤᠨ ᠬᠥᠮᠦᠨ ᠬᠥᠮᠦᠵᠢᠭᠦᠯᠬᠦ ᠡᠬᠢ

ᠪᠠᠶᠠᠯᠢᠭ ᠢ ᠢᠯᠡᠷᠡᠭᠦᠯᠦᠨ᠂ ᠣᠨᠣᠯ ᠤᠨ ᠦᠨᠳᠦᠷᠴᠡ ᠲᠠᠢ ᠮᠥᠷᠲᠡᠭᠡᠨ ᠦᠵᠡᠯ ᠰᠠᠨᠠᠭᠠᠨ ᠤ ᠭᠦᠨᠴᠡ ᠲᠠᠢ᠂ ᠴᠠᠭ

ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠳᠤ

ᠤᠢᠢᠷᠠᠳᠤᠭᠰᠠᠨ ᠨᠡᠩ ᠣᠯᠠᠨ ᠰᠢᠯᠢᠳᠡᠭ ᠪᠦᠲᠦᠭᠡᠯ ᠢ ᠴᠢᠷᠮᠠᠶᠢᠨ ᠪᠤᠢ ᠪᠣᠯᠭᠠᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号