ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/10
      6 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 6 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ ᠪᠦᠷᠢᠯᠭᠡᠬᠦ ᠶᠢ ᠡᠰᠡᠷᠭᠦᠴᠡᠬᠦ ᠳᠦᠷᠢᠮ︾ ᠢ ᠰᠤᠷᠤᠯᠴᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠵᠠᠰᠠᠬᠤ ᠲᠤᠬᠠᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠳᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠳᠡᠭᠡᠳᠦ ᠬᠡᠮᠵᠢᠶᠡᠨ ᠤ ᠤᠬᠠᠮᠰᠠᠷ ᠢ ᠴᠠᠭᠠᠰᠢᠲᠠ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ  ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ︔ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ 7 ᠲᠠᠯ᠎ᠠ ᠶᠢᠨ ᠭᠤᠣᠯᠳᠠᠯᠭ᠎ᠠ  ᠲᠠᠢ ᠡᠭᠦᠷᠭᠡ᠂ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ︾ ᠪᠣᠯᠤᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠨᠠᠷᠢᠨ ᠬᠢᠨᠠᠮᠠᠭᠠᠢ ᠬᠠᠷᠢᠴᠠᠭᠤᠯᠤᠨ᠂ ᠰᠤᠷᠤᠯᠴᠠᠵᠤ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠬᠥᠮᠦᠨ ᠪᠠ ᠬᠡᠷᠡᠭ ᠢ ᠴᠢᠩᠭ᠎ᠠ ᠪᠠᠶᠢᠴᠠᠭᠠᠨ ᠲᠦᠷᠭᠡᠨ ᠰᠢᠢᠳᠪᠦᠷᠢᠯᠡᠵᠦ᠂ ᠬᠦᠴᠦᠲᠡᠢ ᠰᠦᠷᠳᠡᠭᠦᠯᠦᠯ ᠦᠵᠡᠭᠦᠯᠬᠦ ᠬᠡᠷᠡᠭᠲᠡᠢ︔ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠥᠭᠡᠷᠡᠴᠢᠯᠡᠭᠰᠡᠨ ᠦᠷ᠎ᠡ ᠪᠦᠲᠦᠮᠵᠢ ᠶᠢ ᠥᠷᠭᠡᠳᠬᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠵᠦ ᠰᠢᠪᠠᠳᠠᠭᠤᠯᠵᠤ ᠦᠨᠡᠯᠡᠵᠦ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ᠂ ᠰᠤᠷᠲᠠᠯ ᠤᠨ ᠪᠠᠶᠢᠭᠤᠯᠤᠯᠲᠠ ᠶᠢᠨ ᠪᠣᠳᠠᠲᠠᠢ ᠦᠷ᠎ᠡ ᠪᠦᠲᠦᠮᠵᠢ ᠪᠠᠷ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号