ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠠᠮᠵᠢᠯᠲᠠᠲᠠᠢ      ᠥᠨᠳᠦᠷᠯᠡᠪᠡ
ᠨᠡᠶᠢᠲᠡᠯᠡᠭᠰᠡᠨ ᠴᠠᠭ᠄
2025/6/10
      6 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨᠡᠬᠢ 11 ᠴᠠᠭ ᠲᠤ᠂ ᠬᠠᠮᠤᠭ ᠤᠨ ᠰᠡᠭᠦᠯᠴᠢ ᠶᠢᠨ ᠨᠢᠭᠡ ᠰᠢᠯᠭᠠᠯᠲᠠ ᠳᠠᠭᠤᠰᠬᠤ ᠶᠢ ᠳᠠᠭᠠᠯᠳᠤᠨ᠂ ᠮᠠᠨ ᠤ ᠣᠷᠣᠨ ᠤ 2025 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠠᠮᠵᠢᠯᠲᠠᠲᠠᠢ ᠥᠨᠳᠦᠷᠯᠡᠪᠡ᠃ ᠰᠢᠯᠭᠠᠯᠲᠠ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠡᠯ᠎ᠡ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠵᠢᠯᠴᠠᠵᠤ᠂ ᠡᠭᠦᠷᠭᠡ ᠲᠤᠰᠢᠶᠠᠯ ᠢᠶᠠᠨ ᠭᠦᠢᠴᠡᠳᠭᠡᠨ᠂ ᠴᠢᠩᠭ᠎ᠠ ᠵᠢᠷᠤᠮᠵᠢᠭᠤᠯᠤᠨ ᠬᠠᠮᠢᠶᠠᠷᠴᠤ᠂ ᠰᠢᠯᠭᠠᠯᠲᠠ  ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠠᠳᠬᠤᠨ᠂ ᠰᠢᠯᠭᠠᠭᠤᠯᠤᠭᠴᠢ  ᠳᠤ ᠨᠠᠷᠢᠨ ᠨᠢᠮᠪᠠᠢ ᠦᠢᠯᠡᠴᠢᠯᠡᠨ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠦᠬᠦ ᠣᠷᠣᠨ ᠤ 187 ᠴᠡᠭ᠂ 5625 ᠰᠢᠯᠭᠠᠯᠲᠠ ᠶᠢᠨ ᠲᠠᠯᠠᠪᠠᠢ ᠡᠮᠬᠢ ᠳᠢᠭᠯᠢᠮ ᠲᠠᠢ᠂ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠲᠤ ᠰᠠᠶᠢᠨ ᠪᠠᠶᠢᠬᠤ ᠶᠢ ᠪᠠᠲᠤᠯᠠᠨ᠂           ︽ᠠᠮᠤᠷ ᠲᠦᠪᠰᠢᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ︾᠂ ︽ᠬᠠᠯᠠᠭᠤᠨ ᠳᠤᠯᠠᠭᠠᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ︾ ᠶᠢᠨ ᠠᠵᠢᠯ ᠤᠨ ᠬᠠᠷᠠᠯᠲᠠ ᠶᠢ ᠪᠡᠶᠡᠯᠡᠭᠦᠯᠪᠡ᠃      ᠮᠠᠨ ᠤ ᠣᠷᠣᠨ ᠵᠢᠱᠢᠯᠲᠡ ᠪᠠᠷ 6 ᠳ᠋ᠤᠭᠠᠷ ᠰᠠᠷ᠎ᠠ ᠶᠢᠨ 24 ᠤ ᠡᠳᠦᠷ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠵᠦ᠂ ᠳᠠᠷᠠᠭ᠎ᠠ ᠨᠢ ᠡᠯ᠎ᠡ ᠪᠦᠯᠦᠭ ᠤᠳᠠᠭ᠎ᠠ ᠶᠢᠨ ᠰᠤᠷᠤᠭᠴᠢ ᠡᠯᠰᠡᠬᠦ ᠬᠢᠵᠠᠭᠠᠷ ᠬᠤᠪᠢ ᠶᠢ ᠨᠡᠶᠢᠲᠡᠯᠡᠨ᠎ᠡ᠃ ᠲᠤᠬᠠᠢ ᠶᠢᠨ ᠴᠠᠭ ᠲᠤ᠂ ᠰᠢᠯᠭᠠᠭᠤᠯᠤᠭᠴᠢ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠠᠯᠪᠠᠨ ᠤ ᠠᠷᠭ᠎ᠠ ᠵᠠᠮ ᠢᠶᠠᠷ ᠳᠠᠮᠵᠢᠭᠤᠯᠤᠨ ᠪᠠᠶᠢᠴᠠᠭᠠᠨ ᠯᠠᠪᠯᠠᠵᠤ ᠪᠣᠯᠤᠨ᠎ᠠ᠃ 2025 ᠣᠨ ᠠᠴᠠ ᠡᠬᠢᠯᠡᠨ᠂ ᠮᠠᠨ ᠤ ᠣᠷᠣᠨ ᠵᠢᠩᠬᠢᠨᠢ ᠠᠩᠭᠢ ᠶᠢᠨ ᠨᠢᠭᠡᠳᠦᠭᠡᠷ ᠪᠠ ᠬᠤᠶᠠᠳᠤᠭᠠᠷ ᠪᠦᠯᠦᠭ ᠤᠳᠠᠭ᠎ᠠ ᠶᠢᠨ ᠰᠤᠷᠤᠭᠴᠢ ᠡᠯᠰᠡᠬᠦ ᠶᠢ ᠨᠡᠶᠢᠯᠡᠭᠦᠯᠵᠦ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ᠪᠦᠯᠦᠭ ᠤᠳᠠᠭ᠎ᠠ A ᠱᠠᠲᠤ  ᠨᠢ ᠳᠡᠰ ᠳᠠᠷᠠᠭᠠᠯᠠᠯᠲᠤ ᠡᠷᠡᠮᠡᠯᠵᠡᠯ ᠲᠠᠭᠯᠠᠬᠤ ᠵᠠᠭᠪᠤᠷ ᠢ ᠬᠡᠷᠡᠭᠯᠡᠬᠦ ᠠᠴᠠ ᠭᠠᠳᠠᠨ᠎ᠠ᠂ ᠪᠤᠰᠤᠳ ᠪᠦᠯᠦᠭ ᠤᠳᠠᠭ᠎ᠠ ︵ᠱᠠᠲᠤ︶ ᠴᠥᠮ ︽ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠳᠤᠭᠤᠶᠢᠯᠠᠩ︾ ᠤᠨ ᠵᠡᠷᠭᠡᠴᠡᠭᠡ ᠡᠷᠡᠮᠡᠯᠵᠡᠯ ᠲᠠᠭᠯᠠᠬᠤ ᠵᠠᠭᠪᠤᠷ ᠢ ᠬᠡᠷᠡᠭᠯᠡᠨ᠎ᠡ᠃     ᠮᠠᠨ ᠤ ᠣᠷᠣᠨ ᠤ ᠠᠩᠬᠠᠳᠠᠭᠴᠢ ᠡᠷᠡᠮᠡᠯᠵᠡᠯ ᠲᠠᠭᠯᠠᠬᠤ ᠶᠢ 6 ᠳ᠋ᠤᠭᠠᠷ ᠰᠠᠷ᠎ᠠ ᠶᠢᠨ 30 - 7 ᠳ᠋ᠤᠭᠠᠷ ᠰᠠᠷ᠎ᠠ ᠶᠢᠨ 4 ᠤ ᠡᠳᠦᠷ ᠪᠣᠯᠲᠠᠯ᠎ᠠ ᠶᠠᠪᠤᠭᠳᠠᠭᠤᠯᠬᠤ ᠪᠠᠷ ᠲᠣᠭᠲᠠᠪᠠ᠃ ᠰᠢᠯᠭᠠᠭᠤᠯᠤᠭᠰᠠᠳ ᠲᠤ ᠨᠡᠩ ᠳᠥᠭᠦᠮ ᠳᠥᠲᠡ᠂ ᠥᠨᠳᠥᠷ ᠪᠦᠲᠦᠮᠵᠢᠲᠡᠢ ᠡᠷᠡᠮᠡᠯᠵᠡᠯ ᠲᠠᠭᠯᠠᠬᠤ ᠦᠢᠯᠡᠴᠢᠯᠡᠭᠡ ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠠᠴᠠ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠡᠷᠡᠮᠡᠯᠵᠡᠯ ᠲᠠᠭᠯᠠᠬᠤ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠶᠢ ᠡᠷᠭᠢᠯᠡᠵᠦ᠂ ᠰᠦᠯᠵᠢᠶᠡᠨ ᠳᠤ ᠡᠷᠡᠮᠡᠯᠵᠡᠯ ᠲᠠᠭᠯᠠᠬᠤ ᠶᠢ ᠵᠢᠯᠣᠭᠤᠳᠬᠤ ᠸᠢᠳᠢᠣ᠋ ᠶᠢ ᠦᠢᠯᠡᠳᠦᠨ᠂ ︽ᠡᠷᠡᠮᠡᠯᠵᠡᠯ ᠲᠠᠭᠯᠠᠬᠤ ᠶᠢ ᠳᠤᠰᠠᠯᠠᠬᠤ           ᠰᠢᠰᠲ᠋ᠧᠮ︾ ᠢ ᠳᠡᠰ ᠳᠡᠪᠰᠢᠭᠦᠯᠵᠦ᠂ ᠥᠷᠭᠡᠨ ᠣᠯᠠᠨ ᠰᠢᠯᠭᠠᠭᠤᠯᠤᠭᠴᠢ ᠳᠤ ᠰᠢᠨᠵᠢᠯᠡᠬᠦ ᠤᠬᠠᠭᠠᠨᠴᠢ᠂ ᠵᠥᠪ ᠣᠨᠣᠪᠴᠢᠲᠠᠢ᠂ ᠪᠦᠬᠦ ᠲᠠᠯ᠎ᠠ ᠶᠢᠨ ᠨᠡᠷ᠎ᠡ ᠮᠡᠳᠡᠭᠦᠯᠦᠭᠰᠡᠨ ᠲᠤᠭ᠎ᠠ ᠪᠠᠷᠢᠮᠲᠠ  ᠶᠢ ᠪᠠᠶᠢᠴᠠᠭᠠᠨ ᠯᠠᠪᠯᠠᠬᠤ ᠪᠠ ᠡᠷᠡᠮᠡᠯᠵᠡᠯ ᠲᠠᠭᠯᠠᠬᠤ ᠶᠢ ᠲᠤᠰᠠᠯᠠᠬᠤ ᠵᠢᠯᠣᠭᠤᠳᠣᠯᠭ᠎ᠠ ᠬᠠᠩᠭᠠᠵᠤ᠂ ᠰᠢᠯᠭᠠᠭᠤᠯᠤᠭᠴᠢ ᠰᠢᠨᠵᠢᠯᠡᠬᠦ ᠤᠬᠠᠭᠠᠨᠴᠢ ᠮᠥᠷᠲᠡᠭᠡᠨ ᠵᠦᠢ ᠵᠣᠬᠢᠰᠲᠠᠢ ᠪᠠᠷ ᠰᠣᠩᠭᠤᠨ ᠮᠡᠳᠡᠭᠦᠯᠬᠦ ᠳᠤ ᠬᠠᠪᠰᠤᠷᠤᠮᠵᠢ ᠦᠵᠡᠭᠦᠯᠦᠨ᠎ᠡ᠃      ᠡᠭᠦᠨ ᠳᠤ ᠥᠷᠭᠡᠨ ᠣᠯᠠᠨ ᠰᠢᠯᠭᠠᠭᠤᠯᠤᠭᠴᠢ ᠪᠣᠯᠤᠨ ᠭᠡᠷ ᠤᠨ ᠠᠬᠠᠮᠠᠳ ᠲᠤ ᠣᠨᠴᠠᠭᠠᠶᠢᠯᠠᠨ ᠰᠠᠨᠠᠭᠤᠯᠬᠤ ᠨᠢ᠂ ᠬᠢᠷᠢ ᠪᠦᠲᠦᠮᠵᠢ ᠨᠡᠶᠢᠲᠡᠯᠡᠬᠦ᠂ ᠡᠷᠡᠮᠡᠯᠵᠡᠯ ᠲᠠᠭᠯᠠᠬᠤ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠡᠯᠰᠡᠭᠳᠡᠬᠦ ᠵᠡᠷᠭᠡ ᠴᠢᠬᠤᠯᠠ ᠱᠠᠲᠤᠨ ᠳᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠥᠪᠡᠷ ᠤᠨ ᠰᠢᠯᠭᠠᠭᠤᠯᠤᠭᠴᠢ ᠶᠢᠨ ᠨᠣᠮᠧᠷ ᠪᠣᠯᠤᠨ ᠨᠢᠭᠤᠴᠠ ᠨᠣᠮᠧᠷ ᠵᠡᠷᠭᠡ ᠬᠤᠪᠢ ᠬᠥᠮᠦᠨ ᠤ ᠮᠡᠳᠡᠭᠡ ᠵᠠᠩᠭᠢ ᠪᠠᠨ ᠵᠣᠬᠢᠰᠲᠠᠢ ᠬᠠᠮᠢᠶᠠᠷᠴᠤ᠂ ᠨᠢᠭᠤᠴᠠ ᠨᠣᠮᠧᠷ ᠢᠶᠠᠨ ᠮᠠᠷᠲᠠᠬᠤ ᠪᠤᠶᠤ ᠵᠠᠳᠠᠷᠠᠭᠤᠯᠬᠤ ᠠᠴᠠ ᠰᠡᠷᠭᠡᠶᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠨᠡᠶᠢᠲᠡᠯᠡᠭᠰᠡᠨ ᠠᠯᠪᠠᠨ ᠤ ᠮᠡᠳᠡᠭᠡ ᠶᠢ ᠴᠠᠭ ᠢᠮᠠᠭᠲᠠ ᠠᠩᠬᠠᠷᠴᠤ᠂ ᠵᠢᠩᠬᠢᠨᠢ ᠠᠷᠭ᠎ᠠ ᠵᠠᠮ ᠢᠶᠠᠷ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠣᠶᠢᠯᠠᠭᠠᠵᠤ᠂ ᠮᠡᠬᠡᠯᠡᠯ ᠢ ᠰᠡᠷᠭᠡᠶᠢᠯᠡᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号