ᠰᠢ ᠶᠢᠨ ᠫᠢᠩ ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠨᠠᠷ | ᠪᠠᠪᠤᠣᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠳᠤ ᠬᠦᠷᠴᠦ ᠠᠶᠠᠷᠯᠠᠨ ᠮᠣᠷᠳᠠᠭᠤᠯᠵᠠᠢ | ᠰᠢᠦᠢ ᠴᠢ ᠯᠢᠶᠠᠩ ᠨᠥᠬᠦᠷ ᠤᠨ ᠡᠪᠡᠳᠴᠢᠨ ᠬᠦᠨᠳᠦ ᠪᠠᠶᠢᠭᠰᠠᠨ ᠬᠤᠭᠤᠴᠠᠭᠠᠨ ᠳᠤ ᠪᠠ ᠨᠠᠰᠤ ᠪᠠᠷᠠᠭᠰᠠᠨ ᠤ | ᠳᠠᠷᠠᠭ᠎ᠠ ᠰᠢ ᠶᠢᠨ ᠫᠢᠩ ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ | ᠬᠠᠨ ᠵᠧᠩ ᠬᠤ᠋ ᠶᠢᠨ ᠲᠤᠤ ᠵᠡᠷᠭᠡ ᠨᠥᠬᠦᠳ ᠡᠮᠨᠡᠯᠭᠡ ᠶᠢᠨ ᠬᠤᠷᠢᠶ᠎ᠠ ᠳᠤ ᠬᠦᠷᠴᠦ ᠪᠣᠯᠭᠤᠭᠠᠨ ᠦᠵᠡᠭᠰᠡᠨ ᠪᠤᠶᠤ | ᠤᠯᠠᠨ ᠭᠡᠯᠪᠡᠷᠢ ᠪᠠᠷ ᠰᠢᠦᠢ ᠴᠢ ᠯᠢᠶᠠᠩ ᠨᠥᠬᠦᠷ ᠤᠨ ᠨᠠᠰᠤ ᠪᠠᠷᠠᠭᠰᠠᠨ ᠳᠤ ᠭᠦᠨ ᠡᠮᠭᠡᠨᠢᠨ ᠭᠠᠰᠢᠭᠤᠳᠠᠵᠤ | ᠪᠠᠶᠢᠬᠤ ᠪᠠᠨ ᠢᠯᠡᠳᠬᠡᠬᠦ ᠶᠢᠨ ᠬᠠᠮᠲᠤ ᠲᠦᠷᠦᠯ ᠰᠠᠳᠤᠨ ᠢ ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ | ᠢᠯᠡᠳᠬᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 8 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠰᠢᠯᠢᠳᠡᠭ ᠭᠡᠰᠢᠭᠦᠨ᠂ ᠣᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠦᠨᠡᠨᠴᠢ | ᠰᠢᠳᠤᠷᠭᠤ ᠡᠪ ᠬᠠᠮᠲᠤ ᠶᠣᠰᠣᠨ ᠤ ᠪᠠᠶᠢᠯᠳᠤᠭᠴᠢ᠂ ᠦᠭᠡᠶᠢᠭᠦᠦ ᠠᠩᠭᠢ ᠶᠢᠨ ᠴᠡᠷᠢᠭ ᠤᠨ ᠡᠷᠳᠡᠮᠲᠡᠨ᠂ ᠳᠤᠮᠳᠠᠳᠤ | ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠭᠠᠷᠮᠠᠭᠠᠢ ᠤᠳᠤᠷᠢᠳᠬᠤ ᠬᠥᠮᠥᠨ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠠᠷᠪᠠ ᠨᠠᠢᠮᠠᠳᠤᠭᠠᠷ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠤᠯ ᠤᠨ ᠳᠡᠳ᠋ | ᠲᠡᠷᠢᠭᠦᠯᠡᠭᠴᠢ ᠰᠢᠦᠢ ᠴᠢ ᠯᠢᠶᠠᠩ ᠨᠥᠬᠦᠷ ᠤᠨ ᠴᠢᠨᠳᠠᠷ ᠢ 8 ᠤ ᠡᠳᠦᠷ ᠪᠡᠭᠡᠵᠢᠩ ᠤᠨ ᠪᠠᠪᠦᠦᠱᠠᠨ ᠳᠠᠬᠢ | ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠳᠤ ᠳᠡᠭᠳᠡᠭᠡᠪᠡ᠃ | ᠰᠢᠦᠢ ᠴᠢ ᠯᠢᠶᠠᠩ ᠨᠥᠬᠦᠷ ᠡᠪᠡᠳᠴᠢᠨ ᠢᠶᠠᠷ 2025 ᠣᠨ ᠤ 6 ᠰᠠᠷ᠎ᠠ ᠶᠢᠨ 2 ᠤᠨ ᠡᠳᠦᠷ ᠤᠨ 12 | ᠴᠠᠭ 12 ᠮᠢᠨᠦ᠋ᠲ ᠲᠤ ᠪᠡᠭᠡᠵᠢᠩ ᠳᠤ ᠨᠠᠰᠤ ᠪᠠᠷᠠᠪᠠ᠂ ᠨᠠᠰᠤᠨ ᠰᠡᠭᠦᠳᠡᠷ 75 ᠲᠠᠢ᠃ | ᠰᠢᠦᠢ ᠴᠢ ᠯᠢᠶᠠᠩ ᠨᠥᠬᠦᠷ ᠤᠨ ᠡᠪᠡᠳᠴᠢᠨ ᠬᠦᠨᠳᠦ ᠪᠠᠶᠢᠭᠰᠠᠨ ᠬᠤᠭᠤᠴᠠᠭᠠᠨ ᠳᠤ ᠪᠠ ᠨᠠᠰᠤ ᠪᠠᠷᠠᠭᠰᠠᠨ ᠤ | ᠳᠠᠷᠠᠭ᠎ᠠ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ | ᠰᠢ᠂ ᠬᠠᠨ ᠵᠧᠩ᠂ ᠬᠤ᠋ ᠶᠢᠨ ᠲᠤᠤ ᠵᠡᠷᠭᠡ ᠨᠥᠬᠦᠳ ᠡᠮᠨᠡᠯᠭᠡ ᠶᠢᠨ ᠬᠤᠷᠢᠶ᠎ᠠ ᠳᠤ ᠬᠦᠷᠴᠦ ᠪᠣᠯᠭᠤᠭᠠᠨ ᠦᠵᠡᠭᠰᠡᠨ | ᠪᠤᠶᠤ ᠤᠯᠠᠨ ᠭᠡᠯᠪᠡᠷᠢ ᠪᠠᠷ ᠰᠢᠦᠢ ᠴᠢ ᠯᠢᠶᠠᠩ ᠨᠥᠬᠦᠷ ᠤᠨ ᠨᠠᠰᠤ ᠪᠠᠷᠠᠭᠰᠠᠨ ᠳᠤ ᠭᠦᠨ ᠡᠮᠭᠡᠨᠢᠨ ᠭᠠᠰᠢᠭᠤᠳᠠᠵᠤ | ᠪᠠᠶᠢᠬᠤ ᠪᠠᠨ ᠢᠯᠡᠳᠬᠡᠬᠦ ᠶᠢᠨ ᠬᠠᠮᠲᠤ ᠲᠦᠷᠦᠯ ᠰᠠᠳᠤᠨ ᠢ ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ | ᠢᠯᠡᠳᠬᠡᠪᠡ᠃ | 8 ᠤ ᠦᠳᠡ ᠶᠢᠨ ᠡᠮᠦᠨ᠎ᠡ᠂ ᠪᠠᠪᠤᠣᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠤ ᠶᠣᠰᠣᠯᠠᠯ | ᠤᠨ ᠲᠠᠩᠬᠢᠮ ᠲᠥᠪ ᠴᠢᠬᠢᠮᠡᠢ ᠪᠠᠶᠢᠵᠤ᠂ ᠭᠠᠰᠢᠭᠤᠳᠠᠯ ᠤᠨ ᠠᠶᠠᠰ ᠤᠶᠠᠷᠠᠭᠤᠨ ᠨᠠᠮᠬᠠᠨ ᠰᠣᠨᠣᠰᠳᠠᠨ᠎ᠠ᠃ ᠭᠤᠣᠯ | ᠲᠢᠩᠬᠢᠮ ᠤᠨ ᠳᠡᠭᠡᠷ᠎ᠡ ᠲᠠᠯ᠎ᠠ ᠳᠤ ︽ᠰᠢᠦᠢ ᠴᠢ ᠯᠢᠶᠠᠩ ᠨᠥᠬᠦᠷ ᠢ ᠡᠮᠭᠡᠨᠢᠨ ᠭᠠᠰᠢᠭᠤᠳᠠᠶ᠎ᠠ︾ ᠭᠡᠬᠦ ᠬᠠᠷ᠎ᠠ | ᠳᠡᠪᠢᠰᠬᠡᠷ ᠲᠠᠢ ᠴᠠᠭᠠᠨ ᠦᠰᠦᠭ ᠤᠨ ᠬᠥᠨᠳᠡᠯᠡᠨ ᠪᠢᠴᠢᠭᠡᠰᠦ ᠶᠢ ᠡᠯᠭᠦᠵᠦ᠂ ᠬᠥᠨᠳᠡᠯᠡᠨ ᠪᠢᠴᠢᠭᠡᠰᠦ ᠶᠢᠨ ᠳᠣᠣᠷ᠎ᠠ | ᠲᠠᠯ᠎ᠠ ᠳᠤ ᠰᠢᠦᠢ ᠴᠢ ᠯᠢᠶᠠᠩ ᠨᠥᠬᠦᠷ ᠤᠨ ᠭᠦᠷᠦᠭ ᠢ ᠡᠯᠭᠦᠵᠡᠢ᠃ ᠰᠢᠦᠢ ᠴᠢ ᠯᠢᠶᠠᠩ ᠨᠥᠬᠦᠷ ᠤᠨ ᠴᠢᠨᠳᠠᠷ ᠢ | ᠰᠣᠷᠭᠤᠭ ᠴᠡᠴᠡᠭ ᠨᠠᠷᠠᠰᠤ ᠮᠠᠶᠢᠯᠠᠰᠤ ᠪᠠᠷ ᠬᠦᠷᠢᠶᠡᠯᠡᠵᠦ᠂ ᠪᠡᠶ᠎ᠡ ᠳᠡᠭᠡᠷ᠎ᠡ ᠨᠢ ᠭᠠᠯ ᠤᠯᠠᠭᠠᠨ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠤᠭ ᠢ ᠬᠤᠴᠢᠵᠠᠢ᠃ | ᠦᠳᠡ ᠶᠢᠨ ᠡᠮᠦᠨᠡᠬᠢ 9 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ | ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠭᠠᠰᠢᠭᠤᠳᠠᠯ ᠤᠨ ᠠᠶᠠᠰ ᠤᠨ ᠳᠤᠮᠳᠠ ᠰᠢᠦᠢ | ᠴᠢ ᠯᠢᠶᠠᠩ ᠨᠥᠬᠦᠷ ᠤᠨ ᠴᠢᠨᠳᠠᠷ ᠤᠨ ᠡᠮᠦᠨ᠎ᠡ ᠠᠯᠭᠤᠷᠬᠠᠨ ᠬᠦᠷᠴᠦ ᠲᠥᠪ ᠵᠣᠭᠰᠣᠵᠤ ᠨᠠᠮᠠᠨᠴᠢᠯᠠᠨ ᠭᠠᠰᠢᠭᠤᠳᠠᠵᠤ᠂ | ᠰᠢᠦᠢ ᠴᠢ ᠯᠢᠶᠠᠩ ᠨᠥᠬᠦᠷ ᠤᠨ ᠴᠢᠨᠳᠠᠷ ᠲᠤ ᠭᠤᠷᠪᠠᠨᠲᠠ ᠶᠣᠰᠣᠯᠠᠵᠤ᠂ ᠰᠢᠦᠢ ᠴᠢ ᠯᠢᠶᠠᠩ ᠨᠥᠬᠦᠷ ᠤᠨ ᠲᠦᠷᠦᠯ | ᠰᠠᠳᠤᠨ ᠲᠠᠢ ᠨᠢᠭᠡᠳ ᠨᠢᠭᠡ ᠪᠠᠷ ᠭᠠᠷ ᠠᠳᠬᠤᠵᠤ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ | ᠨᠠᠮ᠂ ᠲᠦᠷᠦ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠦᠷᠴᠦ ᠠᠶᠠᠷᠯᠠᠨ | ᠮᠣᠷᠳᠠᠭᠤᠯᠤᠭᠰᠠᠨ ᠪᠤᠶᠤ ᠡᠯ᠎ᠡ ᠵᠦᠢᠯ ᠤᠨ ᠭᠡᠯᠪᠡᠷᠢ ᠪᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠪᠡ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ᠂ ᠰᠢᠦᠢ ᠴᠢ ᠯᠢᠶᠠᠩ ᠨᠥᠬᠦᠷ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠰᠠᠶᠢᠨ ᠨᠠᠶᠢᠵᠠ ᠪᠣᠯᠣᠨ | ᠨᠤᠲᠤᠭ ᠤᠨ ᠬᠢᠨᠢ ᠲᠥᠯᠥᠭᠡᠯᠡᠭᠴᠢᠳ ᠴᠤ ᠬᠦᠷᠦᠯᠴᠡᠨ ᠢᠷᠡᠵᠦ ᠠᠶᠠᠷᠯᠠᠨ ᠮᠣᠷᠳᠠᠭᠤᠯᠵᠠᠢ᠃ | | |