6 ᠰᠠᠷ᠎ᠠ ᠶᠢᠨ 9 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ | ᠭᠤᠣᠯ ᠰᠢᠵᠢᠮ ᠪᠤᠯᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ ᠬᠦᠴᠦᠯᠡᠨ | ᠬᠦᠴᠦᠷᠬᠡᠭᠵᠢᠭᠦᠯᠵᠦ᠂ ᠲᠤᠰᠬᠠᠢ ᠮᠡᠷᠭᠡᠵᠢᠯ ᠤᠨ ᠵᠢᠭᠠᠨ ᠰᠤᠷᠭᠠᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ | ᠬᠥᠮᠦᠵᠢᠯ ᠢ ᠨᠢᠭᠲᠠ ᠤᠶᠠᠯᠳᠤᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠬᠢᠴᠢᠶᠡᠯ ᠨᠢᠭᠡ ᠪᠦᠷᠢ | ᠪᠠ ᠰᠤᠷᠤᠬᠴᠢᠳ ᠤᠨ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠪᠠᠶᠢᠷᠢ ᠡᠮᠦᠨᠡᠰᠢᠯᠡᠵᠦ ᠲᠠᠰ ᠳᠡᠪᠰᠢᠬᠦ ᠶᠢ ᠦᠷᠭᠦᠯᠵᠢᠯᠡᠨ | ᠠᠬᠢᠭᠤᠯᠵᠤ᠂ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠢ ᠤᠶᠠᠯᠳᠤᠭᠤᠯᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠴᠢᠩᠭᠠᠳᠬᠠᠵᠤ᠂ ︽ᠮᠧᠩ ᠺᠧ | ᠵᠢᠦᠢ︾ ᠶᠢ ᠰᠠᠶᠢᠲᠤᠷ ᠬᠡᠷᠡᠭᠯᠡᠨ᠂ ᠥᠭᠦᠯᠡᠯ ᠢᠶᠠᠨ ᠡᠬᠡ ᠭᠠᠵᠠᠷ ᠳᠡᠭᠡᠷ᠎ᠡ ᠪᠢᠴᠢᠵᠦ᠂ ᠦᠷ᠎ᠡ ᠪᠦᠲᠦᠭᠡᠯ ᠢᠶᠠᠨ | ᠦᠢᠯᠡᠳᠪᠦᠷᠢᠯᠡᠯ ᠤᠨ ᠬᠦᠴᠦᠨ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠥᠪ ᠤᠨ ᠲᠣᠭᠤᠷᠢᠨ ᠪᠠᠶᠢᠴᠠᠭᠠᠯᠲᠠ ᠪᠠ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ | ᠶᠠᠪᠤᠳᠠᠯ ᠢ ᠰᠢᠢᠳᠪᠦᠷᠢᠯᠡᠭᠰᠡᠨ ᠪᠠᠶᠢᠳᠠᠯ ᠢ ᠰᠣᠨᠣᠰᠴᠤ᠂ ᠡᠷᠲᠡᠬᠡᠨ ᠬᠢᠨᠠᠨ ᠬᠠᠷᠭᠤᠭᠤᠯᠵᠤ᠂ ᠡᠷᠲᠡᠬᠡᠨ ᠰᠢᠢᠳᠪᠦᠷᠢᠯᠡᠵᠦ᠂ | ᠡᠷᠲᠡᠬᠡᠨ ᠰᠢᠢᠳᠪᠦᠷᠢᠯᠡᠵᠦ ᠳᠠᠭᠤᠰᠬᠠᠵᠤ᠂ ᠲᠥᠷᠥ ᠶᠢᠨ ᠪᠣᠳᠣᠯᠭ᠎ᠠ ᠳᠤ ᠨᠡᠶᠢᠴᠡᠬᠦ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠤᠷᠢᠳ ᠢᠶᠠᠷ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠬᠤ ᠭᠡᠷᠡᠭᠲᠡᠢ︔ ᠲᠦᠷᠦ ᠶᠢᠨ ᠪᠣᠳᠣᠯᠭ᠎ᠠ ᠳᠤ ᠨᠡᠶᠢᠴᠡᠬᠦ ᠦᠭᠡᠢ ᠶᠢ ᠨᠢ ᠴᠢᠨᠠᠭᠰᠢᠳᠠ ᠪᠣᠳᠠᠲᠠᠢ ᠠᠰᠠᠭᠤᠨ | ᠰᠤᠷᠪᠤᠯᠵᠢᠯᠠᠵᠤ᠂ ᠤᠯᠠᠨ ᠲᠦᠮᠡᠨ ᠤ ᠠᠵᠢᠯ ᠢ ᠨᠢᠭᠤᠷᠳᠠᠨ ᠰᠠᠶᠢᠲᠤᠷ ᠬᠢᠬᠦ ᠬᠡᠷᠡᠭᠲᠡᠢ᠃ ᠨᠡᠶᠢᠲᠡᠯᠢᠭ ᠴᠢᠨᠠᠷᠲᠠᠢ | ᠲᠣᠪᠤᠶᠢᠮ᠎ᠠ ᠠᠰᠠᠭᠤᠳᠠᠯ ᠢ ᠲᠡᠰ ᠳᠠᠪᠠᠭᠤᠯᠤᠨ ᠰᠤᠳᠤᠯᠵᠤ᠂ ᠨᠢᠭᠡ ᠠᠰᠠᠭᠤᠳᠠᠯ ᠢ ᠢᠯᠡᠷᠡᠭᠦᠯᠪᠡᠯ ᠨᠢᠭᠡ ᠲᠦᠷᠦᠯ ᠤᠨ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ︽ᠨᠢᠭᠡ ᠱᠤᠭᠤᠮ︾ ᠤᠨ ᠲᠣᠭᠲᠠᠴᠠ ᠶᠣᠰᠣᠭᠠᠷ ᠨᠠᠶᠢᠳᠠᠪᠤᠷᠢᠵᠢᠭᠤᠯᠤᠯᠲᠠ | ᠶᠢ ᠠᠳᠬᠤᠵᠤ᠂ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠦᠷ᠎ᠡ ᠳ᠋ᠦᠩ ᠨᠢ ᠰᠢᠯᠭᠠᠯᠲᠠ ᠶᠢ ᠳᠠᠭᠠᠭᠠᠵᠤ ᠳᠡᠶᠢᠯᠭᠦ | ᠶᠢ ᠦᠨᠡᠨ ᠬᠦ ᠪᠠᠲᠤᠯᠠᠬᠤ ᠬᠡᠷᠡᠭᠲᠡᠢ᠂ ᠶᠠᠭᠠᠬᠢᠭᠰᠠᠨ ᠴᠤ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠴᠦ ᠪᠤᠯᠬᠤ | ᠦᠭᠡᠢ ᠭᠡᠵᠦ ᠱᠠᠭᠠᠷᠳᠠᠪᠠ᠃ | ᠬᠤᠷᠠᠯ ᠠᠴᠠ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠪᠣᠯᠣᠨ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ︽ᠵᠢᠷᠭᠤᠭᠠᠨ | ᠠᠵᠢᠯᠯᠠᠭ᠎ᠠ︾ ᠶᠢᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠠᠰᠠᠭᠤᠳᠠᠯ ᠢ | ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠳᠤ ᠥᠪᠡᠷᠲᠡᠭᠡᠨ ᠵᠠᠰᠠᠬᠤ | ᠣᠷᠣᠨ ᠤ ᠲᠠᠰ ᠳᠠᠪᠬᠤᠷᠭ᠎ᠠ ᠠᠴᠠ ᠨᠢᠭᠡᠳᠦᠯᠲᠡᠢ ᠲᠥᠯᠥᠪᠵᠢᠭᠦᠯᠬᠦ᠂ ᠳᠡᠭᠡᠷ᠎ᠡ ᠳᠣᠣᠷ᠎ᠠ ᠱᠠᠲᠤ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠡᠯᠡ ᠣᠷᠣᠭᠤᠯᠤᠯᠲᠠ ᠶᠢᠨ | ᠨᠡᠮᠡᠭᠳᠡᠯ ᠤᠨ ᠬᠠᠨᠳᠤᠰᠢ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠡᠨᠧᠷᠭᠢ ᠶᠢᠨ ᠬᠤᠷᠣᠭᠳᠠᠭᠤᠯᠤᠯ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠂ ᠴᠢᠬᠤᠯᠠ ᠡᠯᠧᠮᠧᠨ᠋ᠲ ᠤᠨ ᠪᠠᠲᠤᠯᠠᠭ᠎ᠠ᠂ ᠪᠡᠯᠡ ᠮᠥᠩᠭᠦᠨ ᠤ ᠢᠷᠡᠯᠲᠡ | ᠵᠡᠷᠭᠡ ᠪᠠᠶᠢᠳᠠᠯ ᠢ ᠨᠠᠷᠢᠨ ᠬᠢᠨᠠᠮᠠᠭᠠᠢ ᠦᠨᠡᠯᠡᠨ ᠵᠢᠱᠢᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠳᠠᠬᠢ ᠲᠦᠷᠦᠯ ᠵᠦᠢᠯ ᠨᠢ ᠪᠦᠷ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ | ᠬᠥᠭᠵᠢᠭᠦᠯᠬᠦ ᠤᠳᠤᠷᠢᠳᠤᠮᠵᠢ ᠶᠢ ᠢᠯᠡᠷᠡᠭᠦᠯᠵᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ | ᠪᠠᠶᠢᠷᠢᠰᠢᠭᠤᠯᠤᠯᠲᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠳᠤ | ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠬᠤ ᠬᠠᠷᠠᠯᠲᠠ ᠶᠢ ᠭᠤᠶᠢᠪᠢᠰᠢ | ᠦᠭᠡᠢ ᠪᠠᠷᠢᠮᠲᠠᠯᠠᠵᠤ᠂ ᠪᠦᠭᠦ ᠬᠦᠴᠦᠨ ᠢᠶᠠᠷ ᠢᠶᠠᠨ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠠᠵᠢᠯ ᠢ ᠰᠠᠶᠢᠲᠤᠷ ᠬᠢᠵᠦ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠪᠠᠷ ᠳᠡᠮᠵᠢᠨ ᠮᠠᠯᠴᠢᠨ | ᠲᠠᠷᠢᠶᠠᠴᠢᠨ ᠢ ᠳᠠᠶᠢᠴᠢᠯᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠳᠤ ᠣᠷᠣᠯᠴᠠᠭᠤᠯᠵᠤ ᠣᠶᠢᠷ᠎ᠠ ᠬᠠᠪᠢ ᠳᠤᠨᠢ ᠠᠵᠢᠯ | ᠣᠯᠭᠤᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠣᠷᠣᠰᠢᠭᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ | ᠬᠡᠷᠡᠭᠯᠡᠯᠲᠡ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠨᠠᠰᠤᠵᠢᠯ ᠤᠨ | ᠦᠢᠯᠡᠴᠢᠯᠡᠭᠡ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠪᠣᠯᠣᠨ ᠬᠥᠳᠡᠭᠡ ᠲᠣᠰᠬᠤᠨ ᠤ ᠬᠠᠮᠲᠤ ᠶᠢᠨ | ︽ᠭᠤᠷᠪᠠᠨ ᠪᠡᠯᠡ︾ ᠶᠢᠨ ᠬᠠᠮᠢᠶᠠᠷᠤᠯᠲᠠ ᠵᠡᠷᠭᠡ ᠵᠢᠷᠭᠤᠭᠠᠨ ᠲᠠᠯ᠎ᠠ ᠶᠢᠨ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠢ ᠰᠣᠨᠣᠰᠴᠤ᠂ ᠦᠨᠡᠨ ᠬᠦ | ᠬᠠᠲᠠᠭᠤ ᠲᠠᠢ ᠨᠢ ᠬᠠᠯᠳᠠᠵᠤ ᠰᠢᠭᠰᠢᠨ ᠪᠠᠶᠢᠴᠠᠭᠠᠵᠤ᠂ ᠥᠩᠭᠡᠨ ᠲᠠᠯ᠎ᠠ ᠶᠢᠨ ᠲᠡᠳᠦᠢ ᠪᠠᠶᠢᠵᠤ ᠪᠤᠯᠬᠤ ᠦᠭᠡᠢ ᠨᠡᠩ | ᠴᠤ ᠳᠤᠲᠠᠭᠤᠳᠠᠯ ᠢᠶᠠᠨ ᠳᠠᠷᠤᠵᠤ ᠪᠤᠯᠬᠤ ᠦᠭᠡᠢ᠂ ᠤᠯᠠᠨ ᠲᠦᠮᠡᠨ ᠤ ᠠᠩᠬᠠᠷᠴᠤ ᠪᠠᠶᠢᠭ᠎ᠠ ᠵᠦᠢᠯ ᠢ ᠪᠠᠷᠢᠨ | ᠬᠡᠷᠡᠭᠵᠢᠭᠦᠯᠵᠦ ᠪᠠᠷᠢᠨ ᠴᠡᠭᠴᠡᠯᠡᠨ ᠰᠠᠶᠢᠵᠢᠷᠠᠭᠤᠯᠵᠤ᠂ ᠪᠦᠭᠦ ᠲᠠᠯ᠎ᠠ ᠳᠤ ᠬᠤᠯᠪᠣᠭᠳᠠᠬᠤ ᠵᠦᠢᠯ ᠢ ᠨᠢᠭᠡ ᠠᠴᠠ | ᠨᠦᠭᠦᠭᠡ ᠶᠢ ᠵᠦᠢᠴᠢᠯᠡᠨ ᠮᠡᠳᠡᠵᠦ᠂ ᠳᠦᠷᠢᠮ ᠲᠣᠭᠲᠠᠭᠠᠯ ᠲᠣᠭᠲᠠᠭᠠᠵᠤ᠂ ᠤᠯᠠᠨ ᠲᠦᠮᠡᠨ ᠳᠤ ᠦᠨᠡᠨ ᠪᠣᠳᠠᠲᠠᠢ | ᠬᠤᠪᠢᠷᠠᠯᠲᠠ ᠶᠢ ᠮᠡᠳᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠤᠭᠰᠠᠨ ᠢ ᠰᠢᠯᠭᠠᠨ ᠦᠨᠡᠯᠡᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠲᠥᠰᠥᠯ ᠵᠢᠴᠢ ᠭᠦᠭᠡᠬᠤᠲᠠ ᠪᠤᠭᠤᠲᠤ ᠣᠷᠳᠣᠰ ᠪᠣᠯᠣᠨ ᠵᠡᠭᠦᠨ ᠬᠡᠰᠡᠭ ᠤᠨ ᠠᠶᠢᠮᠠᠭ ᠬᠤᠳᠠ ᠶᠢᠨ ᠠᠵᠢᠯ | ᠲᠦᠷᠦᠯ ᠢᠶᠠᠷ ᠬᠠᠪᠰᠤᠷᠤᠨ ᠲᠡᠳᠬᠦᠬᠦ ᠬᠠᠮᠵᠢᠯᠴᠠᠭ᠎ᠠ᠂ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ | ᠲᠡᠮᠳᠡᠭᠲᠦ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠵᠢᠯ ᠢ ᠰᠤᠳᠤᠯᠵᠠᠢ᠃ | | | |