ᠰᠢᠩᠭᠡᠭᠡᠯᠲᠡ ᠶᠢᠨ ᠡᠷᠬᠡᠲᠡᠨ ᠤ ᠡᠷᠡᠭᠦᠯ ᠮᠡᠨᠳᠦ ᠶᠢᠨ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ ᠲᠤᠷᠰᠢᠯᠲᠠ ᠶᠢᠨ ᠲᠠᠰᠤᠭ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2025/6/11
     ᠣᠶᠢᠷ᠎ᠠ ᠳᠤ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠡᠮᠴᠢᠯᠡᠭᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠨ ᠳᠠᠬᠢ ᠬᠠᠮᠤᠭ ᠤᠨ ᠰᠢᠨ᠎ᠡ ᠦᠷ᠎ᠡ ᠪᠦᠲᠦᠭᠡᠯ ᠪᠣᠯᠤᠭᠰᠠᠨ ᠤ ᠬᠤᠪᠢ ᠳᠤ᠂ ︽ᠰᠢᠩᠭᠡᠭᠡᠯᠲᠡ  ᠶᠢᠨ ᠡᠷᠬᠡᠲᠡᠨ ᠤ ᠡᠷᠡᠭᠦᠯ ᠮᠡᠨᠳᠦ ᠶᠢᠨ ᠪᠦᠬᠦ ᠤᠯᠤᠰ  ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ ᠲᠤᠷᠰᠢᠯᠲᠠ  ᠶᠢᠨ ᠲᠠᠰᠤᠭ︾ ︵ᠳᠣᠷᠣᠭᠰᠢ ︽ᠪᠦᠬᠦ ᠤᠯᠤᠰ ᠤᠨ ᠭᠤᠣᠯᠳᠠᠯᠭ᠎ᠠ ᠲᠠᠢ ᠥᠪᠥᠷ ᠮᠣᠩᠭᠤᠯ ᠳᠠᠬᠢ ᠲᠤᠷᠰᠢᠯᠲᠠ ᠶᠢᠨ ᠲᠠᠰᠤᠭ︾ ᠭᠡᠵᠦ ᠳᠦᠭᠦᠮᠴᠢᠯᠡᠨ᠎ᠡ︶ ᠤᠨ ᠫᠠᠶᠢᠰᠠ ᠰᠡᠬᠦᠬᠦ ᠶᠣᠰᠣᠯᠠᠯ ᠢ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠤ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠤᠷᠰᠢᠯᠲᠠ ᠶᠢᠨ ᠲᠠᠰᠤᠭ  ᠤᠨ ᠫᠠᠶᠢᠰᠠ ᠶᠢ ᠰᠡᠬᠦᠪᠡ᠃

1.jpg

     ︽ᠪᠦᠬᠦ ᠤᠯᠤᠰ ᠤᠨ ᠭᠤᠣᠯᠳᠠᠯᠭ᠎ᠠ ᠲᠠᠢ ᠥᠪᠥᠷ ᠮᠣᠩᠭᠤᠯ ᠳᠠᠬᠢ ᠲᠤᠷᠰᠢᠯᠲᠠ ᠶᠢᠨ ᠲᠠᠰᠤᠭ︾ ᠢ ᠬᠠᠮᠲᠤᠷᠠᠨ

ᠪᠠᠶᠢᠭᠤᠯᠤᠭᠰᠠᠨ ᠪᠣᠯ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ

ᠢᠳᠡᠪᠬᠢᠲᠡᠢ ᠨᠠᠶᠢᠳᠠᠪᠤᠷᠢᠵᠢᠭᠤᠯᠬᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠴᠢᠬᠤᠯᠠ

ᠠᠷᠭ᠎ᠠ ᠬᠡᠮᠵᠢᠶ᠎ᠡ ᠪᠣᠯᠤᠨ᠎ᠠ᠃ ᠲᠤᠰ ᠲᠤᠷᠰᠢᠯᠲᠠ ᠶᠢᠨ ᠲᠠᠰᠤᠭ ᠪᠣᠯ ︽ᠰᠢᠩᠭᠡᠭᠡᠯᠲᠡ ᠶᠢᠨ ᠡᠷᠬᠡᠲᠡᠨ ᠤ ᠡᠷᠡᠭᠦᠯ

ᠮᠡᠨᠳᠦ ᠶᠢᠨ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ︾ ᠤᠨ ᠡᠷᠡᠭᠦᠯ ᠮᠡᠨᠳᠦ ᠶᠢᠨ

ᠰᠤᠳᠤᠯᠭᠠᠨ ᠤ ᠬᠦᠷᠢᠶᠡᠨ ᠳᠠᠬᠢ ᠬᠤᠰᠢᠭᠤᠷᠠᠯ ᠮᠡᠷᠭᠡᠵᠢᠯ ᠪᠣᠯᠤᠨ ᠡᠯᠪᠡᠭ ᠪᠠᠶᠠᠯᠢᠭ ᠲᠤᠷᠰᠢᠯᠭ᠎ᠠ ᠶᠢᠨ ᠳᠠᠪᠠᠭᠤᠯᠢᠭ ᠢ

ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠥᠪᠡᠷᠮᠢᠴᠡ ᠭᠠᠵᠠᠷ ᠣᠷᠣᠨ ᠤ ᠣᠨᠴᠠᠯᠢᠭ ᠵᠢᠴᠢ ᠡᠪᠡᠳᠴᠢᠨ

ᠡᠮᠭᠡᠭ ᠤᠨ ᠴᠠᠳᠢᠭ ᠤᠨ ᠣᠨᠴᠠᠯᠢᠭ ᠲᠠᠢ ᠨᠢᠭᠲᠠ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠢ ᠰᠢᠨᠵᠢᠯᠡᠬᠦ

ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠨ᠎ᠡ᠃

      ᠲᠠᠨᠢᠯᠴᠠᠭᠤᠯᠤᠭᠰᠠᠨ ᠢᠶᠠᠷ᠂ ︽ᠰᠢᠩᠭᠡᠭᠡᠬᠦ ᠡᠷᠬᠡᠲᠡᠨ ᠤ ᠡᠷᠡᠭᠦᠯ ᠮᠡᠨᠳᠦ ᠶᠢᠨ ᠪᠦᠬᠦ ᠤᠯᠤᠰ ᠤᠨ

ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ︾ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂

ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ

ᠳᠡᠮᠵᠢᠵᠦ ᠪᠠᠶᠢᠭ᠎ᠠ ᠤᠯᠤᠰ ᠤᠨ ᠳᠡᠰ ᠤᠨ ᠲᠠᠪᠴᠠᠩ ᠪᠣᠯᠤᠭᠰᠠᠨ ᠤ ᠬᠤᠪᠢ ᠳᠤ᠂ ᠡᠪᠡᠳᠴᠢᠨ ᠡᠮᠭᠡᠭ ᠢ ᠰᠡᠷᠭᠡᠶᠢᠯᠡᠨ

ᠵᠠᠰᠠᠬᠤ᠂ ᠰᠢᠨ᠎ᠡ ᠡᠮ ᠢ ᠰᠤᠳᠤᠯᠤᠨ ᠨᠡᠭᠡᠭᠡᠬᠦ ᠵᠢᠴᠢ ᠣᠨᠣᠰᠢᠯᠠᠨ ᠡᠮᠨᠡᠬᠦ ᠮᠡᠷᠭᠡᠵᠢᠯ ᠢ ᠰᠢᠨᠡᠴᠢᠯᠡᠬᠦ ᠵᠡᠷᠭᠡ ᠵᠠᠩᠭᠢᠯᠠᠭ᠎ᠠ

 ᠶᠢᠨ ᠬᠦᠷᠢᠶᠡᠨ ᠳᠤ ᠤᠷᠲᠤ ᠬᠤᠭᠤᠴᠠᠭ᠎ᠠ ᠪᠠᠷ ᠠᠩᠬᠠᠷᠤᠯ ᠢᠶᠠᠨ ᠬᠠᠨᠳᠤᠭᠤᠯᠤᠭᠰᠠᠭᠠᠷ ᠢᠷᠡᠪᠡ᠃ ᠬᠠᠷᠢᠨ ︽ᠪᠦᠬᠦ

ᠤᠯᠤᠰ ᠤᠨ ᠭᠤᠣᠯᠳᠠᠯᠭ᠎ᠠ ᠲᠠᠢ ᠥᠪᠥᠷ ᠮᠣᠩᠭᠤᠯ ᠳᠠᠬᠢ ᠲᠤᠷᠰᠢᠯᠲᠠ ᠶᠢᠨ ᠲᠠᠰᠤᠭ︾ ᠪᠣᠯ ᠬᠢᠯᠢ ᠬᠢᠵᠠᠭᠠᠷ ᠤᠨ

ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠳᠤ ᠡᠨᠧᠷᠭᠢ ᠣᠯᠭᠤᠬᠤ ᠵᠠᠩᠭᠢᠯᠠᠭ᠎ᠠ ᠶᠢᠨ ᠦᠢᠯᠡᠳᠦᠯᠭᠡ ᠶᠢᠨ

ᠠᠴᠢᠶᠠᠯᠠᠪᠤᠷᠢ ᠪᠠᠶᠢᠵᠤ᠂ ᠥᠪᠥᠷ ᠮᠣᠩᠭᠤᠯ ᠤᠨ ᠰᠢᠩᠭᠡᠭᠡᠯᠲᠡ ᠶᠢᠨ ᠡᠷᠬᠡᠲᠡᠨ ᠤ ᠡᠷᠡᠭᠦᠯ ᠮᠡᠨᠳᠦ ᠶᠢᠨ ᠰᠤᠳᠤᠯᠭᠠᠨ ᠤ

ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠵᠢᠮ᠂ ︽ᠪᠦᠬᠦ

ᠤᠯᠤᠰ ᠤᠨ ᠭᠤᠣᠯᠳᠠᠯᠭ᠎ᠠ ᠲᠠᠢ ᠥᠪᠥᠷ ᠮᠣᠩᠭᠤᠯ ᠳᠠᠬᠢ ᠲᠤᠷᠰᠢᠯᠲᠠ ᠶᠢᠨ ᠲᠠᠰᠤᠭ︾ ᠢ ︽ᠪᠡᠭᠡᠵᠢᠩ ᠲᠢᠶᠠᠨᠵᠢᠨ

ᠾᠧᠪᠧᠶ ᠶᠢᠨ ᠮᠣᠩᠭᠤᠯ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠤᠯᠪᠣᠭ᠎ᠠ︾ ᠶᠢ ᠪᠠᠶᠢᠭᠤᠯᠬᠤ ᠬᠠᠷᠠᠯᠲᠠ ᠲᠠᠢ

ᠨᠢᠭᠲᠠ ᠵᠣᠯᠭᠠᠭᠤᠯᠵᠤ᠂ ᠰᠢᠩᠭᠡᠭᠡᠯᠲᠡ ᠶᠢᠨ ᠰᠢᠰᠲ᠋ᠧᠮ ᠤᠨ ᠬᠠᠪᠤᠳᠠᠷ ᠵᠡᠷᠭᠡ ᠬᠦᠨᠳᠦ ᠶᠡᠭᠡ ᠡᠪᠡᠳᠴᠢᠨ ᠡᠮᠭᠡᠭ ᠢ

ᠰᠡᠷᠭᠡᠶᠢᠯᠡᠨ ᠵᠠᠰᠠᠬᠤ ᠠᠵᠢᠯ ᠳᠤ ᠭᠤᠣᠯᠳᠠᠯᠭ᠎ᠠ ᠲᠠᠢ ᠠᠩᠬᠠᠷᠤᠯ ᠢᠶᠠᠨ ᠬᠠᠨᠳᠤᠭᠤᠯᠤᠨ᠎ᠠ᠃ ᠡᠪᠡᠳᠴᠢᠯᠡᠬᠦ

ᠲᠣᠭᠲᠠᠴᠠ ᠶᠢᠨ ᠰᠣᠳᠤᠯᠭᠠᠨ᠂ ᠠᠩᠬᠠᠨ ᠤ ᠣᠨᠣᠰᠢᠯᠠᠯᠲᠠ ᠶᠢᠨ ᠮᠡᠷᠭᠡᠵᠢᠯ ᠤᠨ ᠨᠡᠭᠡᠭᠡᠯᠲᠡ ᠵᠢᠴᠢ ᠡᠮᠨᠡᠨ ᠵᠠᠰᠠᠬᠤ

ᠲᠥᠰᠦᠯ ᠢ ᠰᠢᠯᠢᠳᠡᠭᠵᠢᠭᠦᠯᠬᠦ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠭᠦᠨᠵᠡᠭᠡᠢ  ᠰᠦᠪᠡᠭᠴᠢᠯᠡᠵᠦ᠂

ᠰᠢᠪᠲᠤᠯᠤᠯᠲᠠ ᠶᠢᠨ ᠴᠢᠨᠠᠷᠲᠠᠢ ᠦᠷ᠎ᠡ ᠪᠥᠲᠦᠮᠵᠢ ᠣᠯᠬᠤ ᠪᠠᠷ ᠬᠦᠴᠦᠯᠡᠨ ᠴᠢᠷᠮᠠᠶᠢᠨ᠎ᠠ᠃

2.jpg

      ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ︽ᠪᠦᠬᠦ ᠤᠯᠤᠰ ᠤᠨ ᠭᠤᠣᠯᠳᠠᠯᠭ᠎ᠠ ᠲᠠᠢ

ᠥᠪᠥᠷ ᠮᠣᠩᠭᠤᠯ ᠳᠠᠬᠢ ᠲᠤᠷᠰᠢᠯᠲᠠ ᠶᠢᠨ ᠲᠠᠰᠤᠭ︾ ᠲᠤ ᠲᠦᠰᠢᠭᠯᠡᠨ᠂ ᠥᠪᠡᠷ ᠤᠨ ᠠᠨᠠᠭᠠᠬᠤ ᠤᠬᠠᠭᠠᠨ ᠤ

ᠰᠤᠷᠭᠠᠨ ᠬᠥᠮᠦᠵᠢᠯ ᠪᠠ ᠡᠮᠴᠢᠯᠡᠭᠡᠨ ᠤ ᠦᠢᠯᠡᠳᠦᠯᠭᠡ ᠶᠢᠨ ᠲᠠᠯ᠎ᠠ ᠪᠠᠷ ᠬᠢ ᠳᠠᠪᠠᠭᠤᠯᠢᠭ ᠢᠶᠠᠨ ᠭᠦᠢᠴᠡᠳ

ᠪᠠᠳᠠᠷᠠᠭᠤᠯᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠂

ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠪᠣᠯᠤᠨ ᠡᠮᠴᠢᠯᠡᠭᠡᠨ ᠤ ᠣᠨᠣᠰᠢᠯᠠᠨ ᠡᠮᠨᠡᠬᠦ ᠭᠦᠨᠵᠡᠭᠡᠢ

ᠠᠭᠤᠰᠤᠯᠴᠠᠭ᠎ᠠ ᠶᠢ ᠠᠬᠢᠭᠤᠯᠵᠤ᠂ ᠣᠷᠣᠨ ᠪᠦᠰᠡ ᠶᠢᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠴᠢᠳᠠᠪᠤᠷᠢ ᠶᠢ

ᠳᠡᠭᠡᠭᠰᠢᠯᠡᠭᠦᠯᠦᠨ᠎ᠡ᠃ ᠢᠷᠡᠭᠡᠳᠦᠢ ᠳᠤ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠤᠯᠠᠮ ᠨᠢᠭᠡ

ᠠᠯᠬᠤᠮ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠢ ᠬᠠᠮᠲᠤ ᠳᠤ ᠪᠠᠨ

ᠬᠤᠪᠢᠶᠠᠯᠴᠠᠨ ᠡᠳ᠋ᠯᠡᠬᠦ᠂ ᠵᠠᠩᠭᠢᠯᠠᠭ᠎ᠠ ᠶᠢᠨ ᠮᠡᠷᠭᠡᠵᠢᠯ ᠤᠨ ᠬᠠᠮᠲᠤᠷᠠᠨ ᠪᠣᠭᠤᠮᠲᠠ ᠰᠢᠪᠲᠤᠯᠬᠤ᠂ ᠡᠷᠳᠡᠮ

ᠰᠢᠨᠵᠢᠯᠡᠭᠡᠨ ᠤ ᠰᠣᠯᠢᠯᠴᠠᠭ᠎ᠠ ᠬᠢᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ

ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠂ ᠬᠠᠮᠲᠤ  ᠳᠤ ᠪᠠᠨ ︽ᠪᠥᠬᠦ ᠤᠯᠤᠰ ᠤᠨ

ᠭᠤᠣᠯᠳᠠᠯᠭ᠎ᠠ ᠲᠠᠢ ᠥᠪᠥᠷ ᠮᠣᠩᠭᠤᠯ ᠳᠠᠬᠢ ᠲᠤᠷᠰᠢᠯᠲᠠ ᠶᠢᠨ ᠲᠠᠰᠤᠭ︾ ᠢ ᠥᠪᠥᠷ ᠮᠣᠩᠭᠤᠯ ᠳᠤ ᠰᠠᠭᠤᠷᠢᠯᠠᠭᠰᠠᠨ᠂

ᠡᠷᠭᠢᠨ ᠲᠣᠭᠤᠷᠢᠨ ᠤ ᠭᠠᠵᠠᠷ ᠣᠷᠣᠨ ᠢ ᠨᠥᠯᠥᠭᠡᠯᠡᠭᠰᠡᠨ ᠰᠢᠩᠭᠡᠭᠡᠯᠲᠡ ᠶᠢᠨ ᠡᠷᠡᠭᠦᠯ ᠮᠡᠨᠳᠦ ᠶᠢᠨ ᠰᠤᠳᠤᠯᠭᠠᠨ ᠪᠠ

ᠰᠢᠨ᠎ᠡ ᠶᠢ ᠡᠭᠦᠳᠬᠦ ᠥᠨᠳᠦᠷᠯᠢᠭ ᠭᠠᠵᠠᠷ ᠪᠣᠯᠭᠠᠨ ᠪᠠᠶᠢᠭᠤᠯᠵᠤ᠂ ᠠᠷᠠᠳ ᠣᠯᠠᠨ  ᠤ ᠡᠷᠡᠭᠦᠯ ᠮᠡᠨᠳᠦ ᠶᠢ ᠪᠠᠲᠤᠯᠠᠬᠤ᠂

ᠤᠯᠤᠰ ᠤᠨ ᠰᠢᠩᠭᠡᠭᠡᠯᠲᠡ ᠶᠢᠨ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠦᠴᠦᠨ

ᠴᠢᠳᠠᠯ ᠢᠶᠠᠨ ᠡᠷᠭᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号