6 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠳᠦᠷᠢᠮ ᠤᠨ | ᠳᠣᠭᠲᠠᠯᠴᠠᠭᠠᠨ ᠤ ᠪᠠᠶᠢᠭᠤᠯᠤᠯᠲᠠ︾ ᠶᠢᠨ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠮᠡᠳᠡᠭᠦᠯᠦᠯᠲᠡ ᠶᠢᠨ | ᠬᠤᠷᠠᠯ ᠢ ᠬᠤᠷᠠᠯᠳᠤᠭᠤᠯᠵᠤ᠂ ᠳᠡᠭᠡᠳᠦ ᠰᠤᠷᠭᠠᠭᠤᠯᠢ ᠶᠢᠨ ᠳᠣᠲᠣᠭᠠᠳᠤ ᠶᠢᠨ ᠬᠢᠨᠠᠨ ᠪᠣᠳᠣᠬᠤ ᠶᠠᠪᠤᠳᠠᠯ ᠤᠨ | ᠲᠤᠰᠬᠠᠢ ᠮᠡᠷᠭᠡᠵᠢᠯᠲᠡᠨ᠂ ᠹᠦᠳᠠᠨ ᠶᠡᠭᠡ ᠰᠤᠷᠭᠠᠭᠤᠯᠢ ᠶᠢᠨ ᠬᠢᠨᠠᠨ ᠪᠣᠳᠣᠬᠤ ᠭᠠᠵᠠᠷ ᠤᠨ ᠵᠥᠪᠯᠡᠭᠴᠢ ᠢᠦᠢ | ᠵᠢᠶᠦ᠋ᠩ ᠢ ᠤᠷᠢᠵᠤ᠂ ᠳᠡᠭᠡᠳᠦ ᠰᠤᠷᠭᠠᠭᠤᠯᠢ ᠶᠢᠨ ᠳᠦᠷᠢᠮ ᠤᠨ ᠳᠣᠭᠲᠠᠯᠴᠠᠭᠠᠨ ᠤ ᠪᠠᠶᠢᠭᠤᠯᠤᠯᠲᠠ ᠶᠢᠨ | ᠲᠣᠭᠤᠷᠢᠨ ᠳᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃ | ᠢᠦᠢ ᠵᠢᠶᠦ᠋ᠩ ︽ᠳᠡᠭᠡᠳᠦ ᠰᠤᠷᠭᠠᠭᠤᠯᠢ ᠶᠢᠨ ᠳᠦᠷᠢᠮ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠲᠤᠬᠠᠢ | ᠬᠢᠨᠠᠨ ᠪᠣᠳᠣᠬᠤ ᠬᠠᠷᠠᠭᠠᠰᠤ ᠠᠴᠠ ᠶᠠᠷᠢᠯᠴᠠᠬᠤ ᠨᠢ︾ ᠭᠡᠬᠦ ᠰᠡᠳᠦᠪ ᠢᠶᠠᠷ᠂ ︽ᠶᠠᠭᠤ ᠶᠢ ᠳᠦᠷᠢᠮ ᠭᠡᠬᠦ ᠪᠣᠢ᠂ | ᠳᠦᠷᠢᠮ ᠤᠨ ᠦᠢᠯᠡᠳᠦᠯ ᠶᠠᠭᠤ ᠪᠣᠢ᠂ ᠳᠦᠷᠢᠮ ᠤᠨ ᠰᠠᠶᠢᠨ ᠮᠠᠭᠤ ᠶᠢ ᠶᠠᠭᠠᠬᠢᠵᠤ ᠢᠯᠭᠠᠬᠤ ᠪᠣᠢ︾ ᠭᠡᠬᠦ | ᠡᠭᠦᠳᠡᠨ ᠠᠴᠠ᠂ ︽ᠳᠡᠭᠡᠳᠦ ᠰᠤᠷᠭᠠᠭᠤᠯᠢ ᠶᠢᠨ ᠳᠦᠷᠢᠮ ᠤᠨ ᠳᠣᠭᠲᠠᠯᠴᠠᠭᠠᠨ ᠤ ᠪᠠᠶᠢᠭᠤᠯᠤᠯᠲᠠ ᠳᠤ ᠪᠠᠶᠢᠩᠭᠤ | ᠲᠣᠬᠢᠶᠠᠯᠳᠤᠳᠠᠭ ᠠᠰᠠᠭᠤᠳᠠᠯ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠵᠠᠷᠢᠮ ᠳᠡᠭᠡᠳᠦ ᠰᠤᠷᠭᠠᠭᠤᠯᠢ ᠶᠢᠨ | ᠳᠦᠷᠢᠮ ᠤᠨ ᠪᠠᠶᠢᠭᠤᠯᠤᠯᠲᠠ ᠶᠢᠨ ᠠᠰᠠᠭᠤᠳᠠᠯ᠂ ᠳᠡᠭᠡᠳᠦ ᠰᠤᠷᠭᠠᠭᠤᠯᠢ ᠶᠢᠨ ᠳᠦᠷᠢᠮ ᠤᠨ ᠳᠣᠭᠲᠠᠯᠴᠠᠭᠠᠨ ᠤ | ᠪᠠᠶᠢᠭᠤᠯᠤᠯᠲᠠ ᠶᠢᠨ ᠰᠡᠳᠬᠢᠮᠵᠢ︾ ᠵᠡᠷᠭᠡ ᠭᠤᠷᠪᠠᠨ ᠲᠠᠯ᠎ᠠ ᠠᠴᠠ ᠲᠤᠰᠬᠠᠢ ᠰᠡᠳᠦᠪ ᠢᠶᠠᠷ ᠵᠢᠯᠣᠭᠤᠳᠪᠠ᠃ | ᠬᠠᠪᠰᠤᠷᠤᠨ ᠵᠢᠯᠣᠭᠤᠳᠬᠤ ᠮᠡᠳᠡᠭᠦᠯᠦᠯᠲᠡ ᠶᠢᠨ ᠬᠤᠷᠠᠯ ᠥᠨᠳᠦᠷᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠳᠡᠭᠡᠳᠦ ᠰᠤᠷᠭᠠᠭᠤᠯᠢ ᠶᠢᠨ ᠬᠢᠨ ᠦᠵᠡᠯ ᠰᠠᠨᠠᠭ᠎ᠠ | ᠲᠠᠨᠢᠯᠲᠠ ᠪᠠᠨ ᠤᠯᠠᠮ ᠴᠠᠭᠠᠰᠢᠳᠠ ᠳᠡᠭᠡᠭᠰᠢᠯᠡᠭᠦᠯᠵᠦ᠂ ᠳᠦᠷᠢᠮ ᠤᠨ ᠤᠬᠠᠮᠰᠠᠷ ᠢ ᠴᠢᠩᠭᠠᠷᠠᠭᠤᠯᠤᠨ᠂ ᠰᠢᠨ᠎ᠡ | ᠵᠠᠰᠠᠪᠤᠷᠢ ᠣᠷᠣᠭᠤᠯᠤᠭᠰᠠᠨ ᠳᠦᠷᠢᠮ ᠢ ᠴᠢᠩᠭ᠎ᠠ ᠮᠥᠷᠲᠡᠭᠡᠨ ᠪᠣᠳᠠᠲᠠᠶ ᠬᠡᠷᠡᠭᠵᠢᠭᠦᠯᠵᠦ᠂ ᠢᠵᠢ ᠪᠦᠷᠢᠳᠦᠭᠰᠡᠨ | ᠳᠦᠷᠢᠮ ᠤᠨ ᠳᠣᠭᠲᠠᠯᠴᠠᠭᠠᠨ ᠤ ᠪᠠᠶᠢᠭᠤᠯᠤᠯᠲᠠ ᠶᠢ ᠭᠦᠨᠵᠡᠭᠡᠢ ᠮᠥᠷᠲᠡᠭᠡᠨ ᠨᠠᠷᠢᠯᠢᠭ ᠰᠠᠶᠢᠲᠤᠷ ᠪᠡᠶᠡᠯᠡᠭᠦᠯᠵᠦ᠂ | ᠳᠦᠷᠢᠮ ᠢ ᠦᠨᠡᠨ ᠬᠦ ᠶᠠᠪᠤᠭᠳᠠᠭᠤᠯᠵᠤ ᠪᠣᠯᠬᠤᠶᠢᠴᠠ᠂ ᠬᠠᠮᠢᠶᠠᠷᠴᠤ ᠳᠡᠶᠢᠯᠬᠦᠶᠢᠴᠡ᠂ ᠬᠡᠷᠡᠭᠯᠡᠵᠦ ᠴᠢᠳᠠᠬᠤᠶᠢᠴᠠ | ᠪᠣᠯᠭᠠᠨ᠂ ᠶᠡᠭᠡ ᠳᠡᠭᠡᠳᠦ ᠰᠤᠷᠭᠠᠭᠤᠯᠢ ᠶᠢᠨ ᠵᠠᠰᠠᠯᠲᠠ ᠶᠢᠨ ᠲᠣᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠳᠦᠷᠢᠮ ᠢ ᠬᠡᠷᠡᠭᠵᠢᠭᠦᠯᠬᠦ | ᠪᠠ ᠳᠦᠷᠢᠮ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠪᠠᠶᠢᠳᠠᠯ ᠢ ᠰᠢᠰᠲ᠋ᠧᠮ ᠲᠠᠢ ᠦᠨᠡᠯᠡᠨ ᠵᠢᠱᠢᠵᠦ᠂ ᠳᠡᠭᠡᠳᠦ | ᠰᠤᠷᠭᠠᠭᠤᠯᠢ ᠳᠦᠷᠢᠮ ᠢ ᠬᠡᠷᠡᠭᠵᠢᠭᠦᠯᠬᠦ ᠶᠠᠪᠤᠴᠠ ᠳᠠᠬᠢ ᠠᠰᠠᠭᠤᠳᠠᠯ ᠵᠢᠴᠢ ᠦᠨᠳᠦᠰᠦ ᠰᠤᠷᠪᠤᠯᠵᠢ ᠶᠢ ᠨᠠᠷᠢᠨ | ᠬᠢᠨᠠᠮᠠᠭᠠᠢ ᠡᠷᠢᠵᠦ᠂ ᠣᠨᠴᠠᠭᠠᠶᠢᠯᠠᠨ ᠳᠦᠷᠢᠮ ᠢᠶᠠᠷ ᠭᠤᠣᠯ ᠪᠣᠯᠭᠠᠨ ᠳᠡᠭᠡᠳᠦ ᠰᠤᠷᠭᠠᠭᠤᠯᠢ ᠶᠢᠨ ᠳᠦᠷᠢᠮ ᠤᠨ | ᠳᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠤᠨ ᠲᠡᠭᠦᠯᠳᠡᠷᠵᠢᠭᠦᠯᠬᠦ ᠲᠠᠯ᠎ᠠ ᠪᠠᠷ ᠣᠷᠣᠰᠢᠵᠤ ᠪᠠᠶᠢᠭ᠎ᠠ ᠲᠦᠭᠡᠮᠡᠯ | ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠠᠷᠭ᠎ᠠ ᠪᠣᠳᠣᠯᠭ᠎ᠠ ᠪᠠ ᠰᠠᠨᠠᠭᠤᠯᠭ᠎ᠠ ᠳᠤᠷᠠᠳᠬᠤ ᠬᠡᠷᠡᠭᠲᠡᠢ ᠭᠡᠵᠦ | ᠱᠠᠭᠠᠷᠳᠠᠪᠠ᠃ ᠡᠯ᠎ᠡ ᠳᠡᠭᠡᠳᠦ ᠰᠤᠷᠭᠠᠭᠤᠯᠢ ᠦᠨᠡᠯᠡᠨ ᠵᠢᠱᠢᠬᠦ ᠠᠵᠢᠯ ᠢ ᠢᠳᠡᠪᠬᠢᠲᠡᠢ ᠬᠠᠮᠵᠢᠨ ᠥᠷᠨᠢᠭᠦᠯᠵᠦ᠂ | ᠰᠤᠷᠭᠠᠭᠤᠯᠢ ᠶᠢᠨ ᠣᠳᠣ ᠬᠡᠷᠡᠭᠵᠢᠭᠦᠯᠵᠦ ᠪᠠᠶᠢᠭ᠎ᠠ ᠪᠦᠲᠦᠮᠵᠢᠲᠡᠢ ᠲᠦᠷᠢᠮ ᠢ ᠥᠪᠡᠰᠦᠪᠡᠨ ᠪᠠᠶᠢᠴᠠᠭᠠᠵᠤ ᠡᠮᠬᠢᠯᠡᠬᠦ | ᠪᠠ ᠡᠮᠬᠢᠳᠬᠡᠵᠦ᠂ ᠦᠨᠡᠯᠡᠨ ᠵᠢᠱᠢᠭᠰᠡᠨ ᠮᠡᠳᠡᠭᠦᠯᠦᠯᠲᠡ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠨᠡᠶᠢᠲᠡᠯᠡᠭᠰᠡᠨ ᠵᠢᠯᠣᠭᠤᠳᠬᠤ ᠰᠠᠨᠠᠯ ᠶᠣᠰᠣᠭᠠᠷ᠂ ᠳᠦᠷᠢᠮ ᠢ ︽ᠳᠣᠭᠲᠠᠭᠠᠬᠤ ᠵᠠᠰᠠᠬᠤ | ᠬᠦᠴᠦᠨ ᠦᠭᠡᠢ ᠪᠣᠯᠭᠠᠬᠤ ᠲᠠᠶᠢᠯᠪᠤᠷᠢᠯᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠥᠷᠨᠢᠭᠦᠯᠵᠦ᠂ ᠳᠦᠷᠢᠮ ᠤᠨ | ᠡᠷᠬᠡ ᠶᠢ ᠬᠠᠮᠢᠶᠠᠷᠬᠤ᠂ ᠬᠡᠷᠡᠭ ᠶᠠᠪᠤᠳᠠᠯ ᠢ ᠬᠠᠮᠢᠶᠠᠷᠬᠤ᠂ ᠬᠥᠮᠦᠨ ᠢ ᠬᠠᠮᠢᠶᠠᠷᠬᠤ ᠦᠢᠯᠡᠳᠦᠯ ᠢ ᠦᠨᠡᠨ ᠬᠦ ᠰᠠᠶᠢᠲᠤᠷ | ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠮᠡᠳᠡᠭᠦᠯᠦᠯᠲᠡ ᠢ ᠰᠦᠯᠵᠢᠶᠡᠨ ᠳᠠᠬᠢ ᠪᠠ ᠰᠦᠯᠵᠢᠶᠡᠨ | ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠭᠤᠣᠯ ᠬᠤᠷᠠᠯ ᠤᠨ ᠲᠠᠯᠠᠪᠠᠢ ᠶᠢ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠲᠣᠬᠢᠷᠠᠭᠤᠯᠵᠤ᠂ ᠡᠯ᠎ᠡ ᠳᠡᠭᠡᠳᠦ | ᠰᠤᠷᠭᠠᠭᠤᠯᠢ ᠳᠤ ᠬᠤᠪᠢᠶᠠᠷᠢ ᠬᠤᠷᠠᠯ ᠤᠨ ᠲᠠᠯᠠᠪᠠᠢ ᠶᠢ ᠲᠣᠬᠢᠷᠠᠭᠤᠯᠪᠠ᠃ ᠡᠯ᠎ᠡ ᠳᠡᠭᠡᠳᠦ ᠰᠤᠷᠭᠠᠭᠤᠯᠢ ᠶᠢᠨ ᠬᠢᠨᠠᠨ | ᠪᠣᠳᠣᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠳᠦᠷᠢᠮ ᠤᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠪᠣᠯᠤᠨ ᠪᠣᠳᠠᠲᠠᠢ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ | ᠲᠢᠩᠬᠢᠮ ᠤᠨ ᠵᠣᠬᠢᠶᠠᠨ ᠪᠠᠶᠢᠭᠤᠯᠤᠭᠰᠠᠨ ᠦᠨᠡᠯᠡᠨ ᠵᠢᠱᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ | ᠪᠦᠷᠢᠯᠳᠦᠬᠦᠨ ᠪᠣᠯᠤᠨ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠭᠠᠵᠠᠷ ᠲᠠᠰᠤᠭ ᠤᠨ ᠭᠤᠣᠯ | ᠬᠠᠷᠢᠭᠤᠴᠠᠯᠭᠠᠲᠠᠨ ᠬᠠᠪᠰᠤᠷᠤᠨ ᠵᠢᠯᠣᠭᠤᠳᠬᠤ ᠳᠤ ᠣᠷᠣᠯᠴᠠᠪᠠ᠃ | | |