ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ 6 | ᠳ᠋ᠤᠭᠠᠷ ᠰᠠᠷ᠎ᠠ ᠶᠢᠨ 9 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠰᠢᠨ᠎ᠡ ᠡᠭᠦᠳᠦᠯᠲᠡ ᠶᠢᠨ | ᠠᠭᠤᠰᠤᠯᠴᠠᠨ ᠬᠥᠭᠵᠢᠬᠦ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠠᠷᠪᠠᠨ ᠳᠥᠷᠪᠡᠳᠦᠭᠡᠷ ᠤᠳᠠᠭ᠎ᠠ ᠶᠢᠨ | ᠰᠤᠷᠤᠯᠴᠠᠯᠭ᠎ᠠ ᠶᠢ ᠶᠠᠪᠤᠭᠳᠠᠭᠤᠯᠪᠠ᠃ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ | ᠡᠷᠬᠢᠯᠡᠭᠴᠢ ᠯᠢᠦ ᠴᠢᠩ ᠲᠠᠶᠢᠯᠤᠮᠵᠢ ᠬᠢᠵᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ | ᠵᠠᠩ ᠭᠦᠸᠧ ᠴᠢᠩ᠂ ᠯᠢᠦ ᠭᠦᠸᠧ ᠵᠦᠩ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | 6 ᠳ᠋ᠤᠭᠠᠷ ᠰᠠᠷ᠎ᠠ ᠶᠢᠨ 9 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠰᠢᠨ᠎ᠡ ᠡᠭᠦᠳᠦᠯᠲᠡ ᠶᠢᠨ | ᠠᠭᠤᠰᠤᠯᠳᠤᠨ ᠬᠥᠭᠵᠢᠬᠦ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠠᠷᠪᠠᠨ ᠳᠥᠷᠪᠡᠳᠦᠭᠡᠷ ᠤᠳᠠᠭ᠎ᠠ ᠶᠢᠨ | ᠲᠤᠰᠬᠠᠢ ᠰᠡᠳᠦᠪᠲᠦ ᠰᠤᠷᠤᠯᠴᠠᠯᠭ᠎ᠠ ᠶᠠᠪᠤᠭᠳᠠᠭᠤᠯᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠴᠢᠶᠠᠩ ᠰᠤᠷᠤᠯᠴᠠᠯᠭ᠎ᠠ ᠶᠢ ᠡᠷᠬᠢᠯᠡᠪᠡ᠃ | ᠯᠢ ᠴᠢᠶᠠᠩ ᠲᠠᠶᠢᠯᠤᠮᠵᠢ ᠪᠠ ᠰᠣᠯᠢᠯᠴᠠᠭᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠰᠢᠨ᠎ᠡ ᠶᠢ ᠡᠭᠦᠳᠬᠦ ᠬᠡᠯᠬᠢᠶ᠎ᠡ ᠪᠣᠯᠤᠨ ᠠᠵᠤ | ᠦᠢᠯᠡᠰ ᠤᠨ ᠬᠡᠯᠬᠢᠶ᠎ᠡ ᠶᠢ ᠬᠤᠯᠪᠣᠬᠤ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ︽ᠡᠴᠦᠰ ᠤᠨ ᠨᠢᠭᠡ ᠺᠢᠯᠤᠮᠧᠲᠷ︾ ᠮᠥᠨ᠂ ᠡᠨᠡ ᠨᠢ ᠰᠢᠨ᠎ᠡ ᠦᠢᠯᠡᠳᠬᠦᠨ᠂ ᠰᠢᠨ᠎ᠡ ᠠᠵᠤ ᠦᠢᠯᠡᠰ᠂ ᠰᠢᠨ᠎ᠡ | ᠬᠥᠳᠡᠯᠭᠡᠬᠦ ᠬᠦᠴᠦᠨ ᠢ ᠪᠣᠢ ᠪᠣᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠦᠷᠢᠯᠳᠦᠭᠦᠯᠬᠦ ᠳᠤ | ᠠᠰᠢᠭᠲᠠᠢ ᠶᠤᠮ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠤᠯᠠᠮ ᠴᠢᠨᠠᠭᠰᠢᠳᠠ ᠨᠢᠭᠡᠳᠦᠯᠲᠡᠢ | ᠲᠥᠯᠥᠪᠵᠢᠭᠦᠯᠵᠦ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠠᠷᠭ᠎ᠠ ᠵᠠᠮ ᠢ ᠰᠢᠯᠤᠭᠤᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠤᠭᠰᠠᠨ ᠨᠡᠩ ᠶᠡᠭᠡ ᠦᠷ᠎ᠡ ᠪᠦᠲᠦᠮᠵᠢ ᠪᠠᠷ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠬᠠᠨ ᠬᠥᠭᠵᠢᠭᠦᠯᠬᠦ ᠶᠢ | ᠰᠠᠶᠢᠲᠤᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠤᠯᠠᠷᠢᠭᠤᠯᠤᠯᠲᠠ ᠨᠢ ᠮᠡᠷᠭᠡᠵᠢᠯ ᠤᠨ ᠰᠤᠳᠤᠯᠭᠠᠨ ᠨᠡᠭᠡᠭᠡᠯᠲᠡ᠂ ᠢᠨᠵᠧᠨᠧᠷᠢᠩ ᠤᠨ ᠰᠢᠯᠭᠠᠨ | ᠭᠡᠷᠡᠴᠢᠯᠡᠭᠡ ᠪᠠ ᠠᠵᠤ ᠦᠢᠯᠡᠰᠵᠢᠭᠦᠯᠦᠯᠲᠡ᠂ ᠵᠠᠬ᠎ᠠ ᠳᠡᠯᠭᠡᠭᠦᠷᠴᠢᠯᠡᠯᠲᠡ ᠵᠡᠷᠭᠡ ᠠᠯᠢ ᠣᠯᠠᠨ ᠭᠤᠭᠴᠤᠭ᠎ᠠ ᠶᠢ | ᠥᠩᠭᠡᠷᠡᠭᠡᠬᠦ ᠳᠤ᠂ ᠠᠯᠢ ᠨᠢᠭᠡ ᠭᠤᠭᠴᠤᠭ᠎ᠠ ᠨᠢ ᠰᠠᠭᠠᠳ ᠲᠠᠢ ᠪᠠᠶᠢᠪᠠᠯ ᠴᠥᠮ ᠨᠠᠶᠢᠳᠠᠪᠤᠷᠢᠵᠢᠭᠤᠯᠤᠯᠲᠠ ᠶᠢᠨ ᠦᠷ᠎ᠡ | ᠪᠦᠲᠦᠮᠵᠢ ᠶᠢ ᠨᠥᠯᠥᠭᠡᠯᠡᠨ᠎ᠡ᠂ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠳᠠᠬᠢ ᠰᠠᠭᠠᠳ ᠲᠦᠭᠵᠢᠷᠡᠯ ᠢ ᠬᠦᠴᠦᠯᠡᠨ | ᠨᠡᠪᠲᠡᠷᠡᠭᠦᠯᠬᠦ ᠬᠡᠷᠡᠭᠲᠡᠢ᠃ ᠡᠬᠢ ᠡᠭᠦᠰᠦᠯ ᠳᠠᠬᠢ ᠤᠯᠠᠷᠢᠭᠤᠯᠬᠤ ᠲᠠᠯ᠎ᠠ ᠪᠠᠷ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠭᠠᠨ ᠨᠡᠭᠡᠭᠡᠯᠲᠡ ᠵᠢᠴᠢ ᠠᠵᠤ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ | ᠦᠨᠡᠯᠡᠯᠲᠡ ᠶᠢᠨ ᠲᠣᠭᠲᠠᠯᠴᠠᠭ᠎ᠠ ᠪᠠ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠦᠢᠯᠡᠴᠢᠯᠡᠬᠦ | ᠵᠢᠩᠬᠢᠨᠢ ᠦᠷᠲᠡᠭ ᠢ ᠨᠡᠩ ᠴᠢᠬᠤᠯᠠᠴᠢᠯᠠᠵᠤ᠂ ᠠᠵᠤ ᠦᠢᠯᠡᠰ ᠤᠨ ᠬᠡᠷᠡᠭᠴᠡᠭᠡ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠩᠭᠠᠯᠭ᠎ᠠ ᠶᠢᠨ ᠨᠡᠶᠢᠯᠡᠯᠳᠦᠬᠦ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ | ᠤᠯᠠᠷᠢᠭᠤᠯᠤᠨ ᠵᠣᠯᠭᠠᠭᠤᠯᠬᠤ ᠲᠠᠯ᠎ᠠ ᠪᠠᠷ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ | ᠰᠠᠭᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠥᠬᠦᠴᠡᠯ ᠲᠠᠢ ᠠᠵᠤ ᠠᠬᠤᠶᠢᠯᠠᠯ ᠢ ᠳᠡᠮᠵᠢᠵᠦ ᠪᠠᠶᠢᠭᠠᠳ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠷᠦᠯ ᠵᠦᠢᠯ ᠢ ᠲᠦᠷᠦᠭᠦᠯᠡᠨ | ᠬᠢᠯᠭᠡᠬᠦ ᠪᠤᠶᠤ ᠲᠡᠭᠦᠨ ᠳᠤ ᠣᠷᠣᠯᠴᠠᠭᠤᠯᠵᠤ᠂ ᠠᠵᠤ ᠠᠬᠤᠶᠢᠯᠠᠯ ᠪᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠨᠢᠭᠲᠠ ᠬᠠᠮᠲᠤᠷᠠᠯᠴᠠᠬᠤ ᠶᠢ ᠬᠥᠲᠥᠯᠥᠨ ᠵᠢᠯᠤᠭᠤᠳᠴᠤ᠂ ᠠᠵᠤ | ᠦᠢᠯᠡᠰ ᠤᠨ ᠤᠷᠢᠳᠠᠯᠲᠤ ᠪᠠᠶᠢᠳᠠᠯ ᠳᠤ ᠬᠠᠨᠳᠤᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠰᠠᠭᠤᠳᠠᠯ ᠢ | ᠬᠠᠮᠲᠤ ᠪᠠᠷ ᠪᠣᠯᠪᠠᠰᠤᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠣᠭᠤᠮᠲᠠ ᠰᠢᠪᠲᠤᠯᠬᠤ ᠠᠵᠢᠯ ᠢ | ᠬᠠᠮᠲᠤᠷᠠᠨ ᠥᠷᠨᠢᠭᠦᠯᠬᠦ ᠬᠡᠷᠡᠭᠲᠡᠢ᠃ ᠤᠯᠠᠷᠢᠭᠤᠯᠤᠨ ᠬᠡᠷᠡᠭᠯᠡᠬᠦ ᠲᠠᠯ᠎ᠠ ᠪᠠᠷ᠂ ᠠᠩᠬᠠᠳᠠᠭᠴᠢ ᠮᠡᠷᠭᠡᠵᠢᠯ ᠪᠦᠲᠦᠭᠡᠯ | ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠪᠡᠶ᠎ᠡ ᠪᠠᠨ ᠳᠠᠭᠠᠭᠠᠵᠤ ᠪᠣᠭᠤᠮᠲᠠ ᠰᠢᠪᠲᠤᠯᠬᠤ | ᠮᠡᠷᠭᠡᠵᠢᠯ ᠪᠠ ᠦᠢᠯᠡᠳᠬᠦᠨ ᠢ ᠬᠡᠪᠴᠢᠶᠡᠵᠢᠭᠦᠯᠦᠨ ᠬᠡᠷᠡᠭᠯᠡᠬᠦ ᠳᠤ ᠪᠠᠨ ᠲᠠᠰᠤᠷᠠᠯᠲᠠ ᠦᠭᠡᠢ ᠳᠠᠪᠬᠤᠴᠠᠭᠤᠯᠤᠨ ᠲᠠᠰ | ᠳᠡᠪᠰᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ | ᠯᠢ ᠴᠢᠶᠠᠩ ᠴᠢᠬᠤᠯᠠᠴᠢᠯᠠᠬᠤ ᠳᠤ ᠪᠠᠨ᠂ ᠪᠦᠲᠦᠮᠵᠢᠲᠡᠢ ᠵᠠᠬ᠎ᠠ ᠳᠡᠯᠭᠡᠭᠦᠷ ᠪᠠ ᠴᠢᠷᠮᠠᠶᠢᠯᠭ᠎ᠠ ᠲᠠᠢ ᠵᠠᠰᠠᠭ ᠤᠨ | ᠣᠷᠳᠣᠨ ᠢ ᠤᠶᠠᠯᠳᠤᠭᠤᠯᠬᠤ ᠪᠠᠨ ᠪᠠᠷᠢᠮᠲᠠᠯᠠᠵᠤ᠂ ᠳᠡᠮᠵᠢᠬᠦ ᠲᠦᠷᠦ ᠶᠢᠨ ᠪᠣᠳᠣᠯᠭ᠎ᠠ ᠪᠠ ᠵᠠᠬ᠎ᠠ ᠳᠡᠯᠭᠡᠭᠦᠷ ᠤᠨ | ᠦᠢᠯᠡᠴᠢᠯᠡᠭᠡ ᠶᠢ ᠲᠡᠭᠦᠯᠳᠡᠷᠵᠢᠭᠦᠯᠵᠦ᠂ ᠥᠨᠳᠥᠷ ᠪᠦᠲᠦᠮᠵᠢᠲᠡᠢ ᠬᠠᠮᠵᠢᠯᠴᠠᠭᠰᠠᠨ᠂ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠦᠷ᠎ᠡ ᠪᠦᠲᠦᠭᠡᠯ ᠤᠯᠠᠷᠢᠭᠤᠯᠬᠤ ᠲᠣᠭᠲᠠᠯᠴᠠᠭ᠎ᠠ ᠶᠢ ᠪᠦᠷᠢᠯᠳᠦᠭᠦᠯᠬᠦ ᠬᠡᠷᠡᠭᠲᠡᠢ᠃ ᠤᠷᠮᠠᠰᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠯᠠᠷᠢᠭᠤᠯᠬᠤ | ᠵᠢᠮ᠎ᠡ ᠶᠣᠰᠣ ᠶᠢ ᠵᠢᠷᠤᠮᠯᠠᠵᠤ᠂ ᠲᠤᠰᠢᠶᠠᠯ ᠤᠨ ᠬᠤᠭᠤᠴᠠᠭᠠᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠤᠨ ᠡᠷᠬᠡ ᠣᠯᠭᠤᠬᠤ ᠪᠠ ᠡᠳ᠋ ᠬᠥᠷᠥᠩᠭᠡ ᠶᠢ ᠠᠰ ᠲᠤ ᠨᠢ ᠵᠢᠭᠰᠠᠭᠠᠬᠤ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠠᠬᠢᠭᠤᠯᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠨᠡᠩ ᠰᠠᠶᠢᠲᠤᠷ ᠬᠥᠭᠵᠢᠭᠡᠬᠦ | ᠬᠡᠷᠡᠭᠲᠡᠢ᠃ ᠪᠡᠯᠡ ᠮᠥᠩᠭᠦᠨ ᠤ ᠳᠡᠮᠵᠢᠯᠭᠡ ᠪᠠᠨ ᠨᠡᠮᠡᠭᠳᠡᠭᠦᠯᠵᠦ᠂ ᠰᠡᠳᠬᠢᠮᠵᠢ ᠪᠠᠨ ᠤᠯᠠᠮ ᠨᠢᠭᠡ ᠠᠯᠬᠤᠮ | ᠥᠷᠭᠡᠳᠬᠡᠵᠦ᠂ ᠵᠠᠬ᠎ᠠ ᠳᠡᠯᠭᠡᠭᠦᠷ ᠤᠨ ᠬᠦᠴᠦᠨ ᠢ ᠨᠡᠩ ᠢᠯᠡᠭᠦᠦ ᠬᠡᠷᠡᠭᠯᠡᠵᠦ᠂ ᠨᠡᠶᠢᠭᠡᠮ ᠤᠨ ᠬᠥᠷᠥᠩᠭᠡ ᠶᠢ ᠲᠠᠲᠠᠵᠤ | ᠣᠷᠣᠭᠤᠯᠤᠯᠲᠠ ᠶᠢ ᠨᠢ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ | ᠨᠡᠷᠡᠳᠬᠦᠨ ᠪᠠ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠵᠤ᠂ | ᠤᠯᠠᠨ ᠲᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠬᠥᠭᠵᠢᠭᠦᠯᠵᠦ᠂ ᠤᠯᠠᠨ ᠡᠰᠢᠴᠢᠯᠡᠭᠰᠡᠨ ᠪᠡᠯᠡ | ᠲᠣᠬᠢᠷᠠᠭᠤᠯᠬᠤ ᠠᠷᠭ᠎ᠠ ᠵᠠᠮ ᠢ ᠬᠠᠩᠭᠠᠬᠤ ᠬᠡᠷᠡᠭᠲᠡᠢ᠃ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠵᠤ᠂ | ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ | ᠲᠥᠯᠥᠪᠵᠢᠭᠦᠯᠬᠦ᠂ ᠬᠥᠲᠥᠯᠥᠨ ᠵᠢᠯᠣᠭᠤᠳᠬᠤ ᠪᠠ ᠲᠡᠮᠵᠢᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠳᠤ ᠪᠦᠬᠦ ᠲᠠᠯ᠎ᠠ ᠶᠢᠨ | ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ᠃ | | | |