6 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠨᠠᠷ | ᠬᠥᠯᠥᠨ ᠪᠤᠶᠢᠷ ᠳᠡᠭᠡᠳᠦ ᠰᠤᠷᠭᠠᠭᠤᠯᠢ᠂ ᠬᠥᠯᠥᠨ ᠪᠤᠶᠢᠷ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ | ᠬᠠᠶᠢᠯᠠᠷ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠰᠢᠦᠸᠡᠢ ᠹᠦ᠋ ᠵᠠᠮ ᠤᠨ ᠳᠤᠮᠳᠠᠳᠤ ᠰᠤᠷᠭᠠᠭᠤᠯᠢ ᠳᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠢ ᠬᠤᠷᠠᠯᠳᠤᠭᠤᠯᠪᠠ᠃ | | | | | | | | ᠳ᠋ᠦ᠋ ᠬᠤᠢ ᠯᠢᠶᠠᠩ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠤᠳᠤᠷᠢᠳᠤᠯᠭ᠎ᠠ | ᠳᠣᠣᠷᠠᠬᠢ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠪᠣᠯᠤᠨ ᠳᠤᠮᠳᠠᠳᠤ ᠪᠠᠭ᠎ᠠ ᠰᠤᠷᠭᠠᠭᠤᠯᠢ | ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ | ᠶᠢᠨ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ | ᠲᠥᠷᠥ ᠶᠢᠨ ᠴᠢᠳᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠦᠨᠡᠨ ᠬᠦ ᠴᠢᠩᠭᠠᠳᠬᠠᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠨ | ᠬᠥᠮᠦᠵᠢᠭᠦᠯᠬᠦ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ | ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠨᠡᠩ ᠣᠯᠠᠨ ᠬᠥᠮᠥᠵᠢᠭᠦᠯᠬᠦ ᠬᠡᠷᠡᠭᠲᠡᠢ᠃ ᠳᠡᠭᠡᠳᠦ | ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ ᠃ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠵᠤ᠂ ᠠᠵᠤ ᠦᠢᠯᠡᠰ ᠢᠶᠠᠷ ᠬᠥᠲᠥᠯᠦᠮᠵᠢ | ᠪᠣᠯᠭᠠᠨ᠂ ᠠᠭᠠᠷ ᠤᠨ ᠦᠢᠯᠡᠰ ᠤᠨ ᠠᠵᠤ ᠠᠬᠤᠢ ᠪᠣᠯᠤᠨ ᠳᠣᠣᠷ᠎ᠠ ᠠᠭᠠᠷ ᠤᠨ ᠠᠵᠤ ᠠᠬᠤᠢ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠬᠠᠨᠳᠤᠭᠤᠯᠤᠨ ᠰᠢᠨᠵᠢᠯᠡᠭᠡᠨ ᠤ ᠰᠠᠯᠠᠭᠠᠨ ᠤ ᠲᠤᠰᠬᠠᠢ | ᠮᠡᠷᠭᠡᠵᠢᠯ ᠤᠨ ᠪᠠᠶᠢᠷᠢᠰᠢᠭᠤᠯᠤᠯᠲᠠ ᠶᠢ ᠬᠥᠳᠡᠯᠦᠩᠭᠦᠢ ᠲᠣᠬᠢᠷᠠᠭᠤᠯᠵᠤ᠂ ︽ᠵᠥᠪ ᠴᠢᠭᠯᠡᠯ ᠢᠶᠠᠷ ᠤᠷᠮᠠᠰᠢᠭᠤᠯᠬᠤ + | ᠡᠰᠡᠷᠭᠦ ᠴᠢᠭᠯᠡᠯ ᠢᠶᠠᠷ ᠬᠢᠵᠠᠭᠠᠷᠯᠠᠬᠤ︾ ᠪᠠᠷ ᠳᠠᠮᠵᠢᠭᠤᠯᠤᠨ᠂ ᠳᠡᠭᠡᠳᠦ ᠰᠤᠷᠭᠠᠭᠤᠯᠢ ᠶᠢᠨ ︽ᠬᠡᠷᠡᠭᠴᠡᠭᠡ ᠱᠠᠭᠠᠷᠳᠠᠯᠭ᠎ᠠ ᠶᠢ | ᠡᠰᠡᠷᠬᠦ ᠴᠢᠭᠯᠡᠯ ᠠᠴᠠ ᠰᠢᠪᠠᠳᠠᠭᠤᠯᠵᠤ︾ ᠪᠠᠶᠢᠭᠰᠠᠨ ᠢ ᠰᠠᠨᠠᠭᠠᠴᠢᠯᠠᠭ᠎ᠠ ᠠᠴᠠ ᠪᠠᠨ ᠠᠵᠢᠯᠯᠠᠬᠤ ᠲᠡᠶᠢᠰᠢ | ᠬᠤᠪᠢᠷᠠᠭᠤᠯᠬᠤ ᠶᠢ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠵᠣᠬᠢᠴᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠡᠭᠡᠭᠡᠯᠲᠡ ᠬᠢᠵᠦ | ᠬᠤᠯᠪᠤᠯᠳᠤᠨ ᠬᠥᠳᠡᠯᠦᠯᠴᠡᠬᠦ ᠶᠢ ᠪᠠᠷᠢᠮᠲᠠᠯᠠᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢ ᠪᠦᠲᠦᠭᠡᠨ ᠪᠠᠶᠢᠭᠤᠯᠬᠤ ᠲᠣᠭᠤᠷᠢᠨ ᠳᠤ᠂ ᠣᠷᠣᠰ᠂ ᠮᠣᠩᠭᠤᠯ ᠬᠤᠶᠠᠷ ᠤᠯᠤᠰ ᠯᠤᠭ᠎ᠠ ᠶᠢᠨ ᠰᠤᠷᠭᠠᠨ | ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠦᠨᠡᠨ ᠬᠦ ᠴᠢᠩᠭᠠᠳᠬᠠᠵᠤ᠂ ᠬᠠᠮᠢᠶ᠎ᠠ ᠪᠦᠬᠦᠢ ᠰᠢᠨᠵᠢᠯᠡᠭᠡᠨ ᠤ | ᠰᠠᠯᠠᠭᠠᠨ ᠤ ᠲᠤᠰᠬᠠᠢ ᠮᠡᠷᠭᠡᠵᠢᠯ ᠢ ᠨᠡᠮᠡᠨ ᠪᠠᠶᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ | ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ | ᠣᠨᠴᠠᠯᠢᠭ ᠪᠠ ᠥᠷᠢᠰᠥᠯᠳᠦᠬᠦ ᠬᠦᠴᠦᠨ ᠲᠠᠢ ᠠᠵᠤ ᠦᠢᠯᠡᠰ ᠤᠨ ᠳᠡᠭᠡᠳᠦ ᠰᠤᠷᠭᠠᠭᠤᠯᠢ ᠶᠢ ᠰᠦᠪᠡᠭᠴᠢᠯᠡᠨ | ᠪᠠᠶᠢᠭᠤᠯᠵᠤ᠂ ᠴᠡᠭ ᠪᠠ ᠨᠡᠶᠢᠳᠡᠮ ᠢ ᠤᠶᠠᠯᠳᠤᠭᠤᠯᠤᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠦᠬᠦᠯᠢ | ᠴᠣᠭᠴᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ | ᠬᠥᠮᠦᠵᠢᠭᠦᠯᠬᠦ ᠴᠢᠨᠠᠷ ᠴᠢᠨᠰᠠᠭ᠎ᠠ ᠦᠷ᠎ᠡ ᠠᠰᠢᠭ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠶᠢ ᠰᠡᠳᠬᠢᠯ ᠲᠠᠯᠪᠢᠨ ᠰᠠᠶᠢᠲᠤᠷ ᠠᠬᠢᠭᠤᠯᠬᠤ ᠬᠡᠷᠡᠭᠲᠡᠢ᠃ ᠣᠳᠣᠬᠠᠨ ᠤ ᠠᠵᠢᠯ | ᠣᠯᠭᠤᠯᠲᠠ ᠶᠢᠨ ᠪᠠᠶᠢᠳᠠᠯ ᠢ ᠭᠦᠨᠵᠡᠭᠡᠢ ᠵᠠᠳᠠᠯᠵᠤ ᠰᠤᠳᠤᠯᠤᠨ ᠮᠠᠭᠠᠳᠯᠠᠵᠤ᠂ ᠳᠡᠭᠡᠳᠦ ᠰᠤᠷᠭᠠᠭᠤᠯᠢ ᠲᠡᠭᠦᠰᠦᠭᠰᠡᠳ | ᠲᠤ ᠠᠵᠢᠯ ᠣᠯᠭᠤᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠤᠷᠳᠤᠴᠠ ᠶᠢ ᠲᠦᠷᠭᠡᠳᠬᠡᠵᠦ᠂ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ ᠬᠦᠴᠢᠷᠳᠡᠯᠲᠡᠢ ᠲᠡᠭᠦᠰᠦᠭᠰᠡᠳ ᠲᠤ ᠠᠵᠢᠯ ᠣᠯᠭᠤᠵᠤ ᠬᠠᠪᠰᠤᠷᠤᠨ | ᠲᠡᠳᠬᠦᠬᠦ ᠲᠠᠯ᠎ᠠ ᠪᠠᠷ ᠳᠠᠬᠢᠨ ᠬᠦᠴᠦᠯᠡᠵᠦ᠂ ᠨᠡᠮᠡᠭᠳᠡᠯ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ᠂ ᠨᠥᠯᠦᠭᠡ ᠦᠵᠡᠭᠦᠯᠬᠦ ᠶᠢ ᠦᠨᠡᠨ ᠬᠦ ᠪᠠᠲᠤᠯᠠᠨ᠂ ᠠᠵᠢᠯ ᠣᠯᠭᠤᠯᠲᠠ ᠶᠢ ᠪᠦᠲᠦᠮᠵᠢᠲᠡᠢ | ᠲᠣᠭᠲᠠᠪᠤᠷᠢᠵᠢᠭᠤᠯᠤᠨ ᠥᠷᠭᠡᠳᠭᠡᠬᠦ ᠬᠡᠷᠡᠭᠲᠡᠢ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ | ᠬᠢᠷᠢ ᠲᠦᠪᠰᠢᠨ ᠤ ᠰᠢᠯᠭᠠᠯᠲᠠ ᠪᠠ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠢ ᠨᠠᠷᠢᠯᠢᠭ ᠮᠥᠷᠲᠡᠭᠡᠨ ᠪᠣᠳᠠᠲᠠᠢ | ᠰᠠᠶᠢᠲᠤᠷ ᠬᠢᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠠᠶᠤᠯ | ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠰᠢᠯᠭᠠᠯᠲᠠ ᠶᠢᠨ ᠶᠠᠪᠤᠳᠠᠯ ᠤᠨ | ᠵᠢᠷᠤᠮᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ | ᠬᠢᠷᠢ ᠲᠦᠪᠰᠢᠨ ᠤ ᠰᠢᠯᠭᠠᠯᠲᠠ ᠪᠠ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠪᠦᠬᠦ ᠶᠠᠪᠤᠴᠠ ᠪᠠ ᠡᠯ᠎ᠡ ᠭᠤᠭᠴᠤᠭ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ | ᠴᠢᠩᠭᠠᠳᠬᠠᠵᠤ᠂ ᠰᠢᠯᠭᠠᠭᠤᠯᠤᠭᠴᠢ ᠪᠠ ᠭᠡᠷ ᠤᠨ ᠠᠬᠠᠮᠠᠳ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ | ᠢᠳᠡᠪᠬᠢᠲᠡᠢ ᠬᠠᠷᠢᠭᠤᠯᠵᠤ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠢ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠪᠠ | ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ | ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠰᠠᠭᠤᠷᠢ ᠰᠤᠷᠭᠠᠨ ᠬᠥᠮᠦᠵᠢᠯ ᠤᠨ ︽ᠠᠷᠪᠠᠨ ᠲᠠᠪᠤᠳᠤᠭᠠᠷ | ᠲᠠᠪᠤᠨ ᠵᠢᠯ︾ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠵᠣᠬᠢᠶᠠᠵᠤ᠂ ᠬᠥᠭᠵᠢᠯᠲᠡ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠲᠣᠳᠣᠷᠬᠠᠶᠢᠯᠠᠨ᠂ ᠵᠢᠭᠠᠬᠤ᠂ ᠰᠤᠳᠤᠯᠬᠤ᠂ ᠰᠤᠷᠤᠯᠴᠠᠬᠤ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ | ᠬᠡᠷᠡᠭᠲᠡᠢ᠃ ᠣᠨᠴᠠᠯᠢᠭᠲᠤ ᠪᠡᠶ᠎ᠡ ᠶᠢᠨ ᠲᠠᠮᠢᠷ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ | ᠬᠥᠲᠥᠯᠦᠮᠵᠢ ᠪᠣᠯᠭᠠᠵᠤ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠪᠦᠬᠦ ᠲᠠᠯ᠎ᠠ ᠪᠠᠷ | ᠠᠬᠢᠭᠤᠯᠬᠤ ᠬᠡᠷᠡᠭᠲᠡᠢ᠃ ᠮᠥᠰᠥ ᠴᠠᠰᠤᠨ ᠤ ᠪᠡᠶ᠎ᠡ ᠶᠢᠨ ᠲᠠᠮᠢᠷ᠂ ᠪᠤᠶᠢᠺᠤ ᠪᠥᠮᠪᠦᠭᠡ ᠵᠡᠷᠭᠡ ᠳᠠᠪᠠᠭᠤᠯᠢᠭ | ᠣᠨᠴᠠᠯᠢᠭᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠪᠣᠯᠤᠨ ᠬᠠᠮᠢᠶ᠎ᠠ ᠪᠦᠬᠦᠢ ᠠᠵᠤ ᠦᠢᠯᠡᠰ ᠢ ᠠᠭᠤᠰᠬᠠᠨ | ᠬᠥᠭᠵᠢᠭᠦᠯᠬᠦ ᠡᠷᠴᠢᠮ ᠢ ᠴᠢᠩᠭᠠᠷᠠᠭᠤᠯᠵᠤ᠂ ᠬᠢᠴᠢᠶᠡᠯ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠬᠦ ᠴᠢᠳᠠᠪᠤᠷᠢᠲᠠᠨ ᠢ ᠬᠥᠮᠦᠵᠢᠭᠦᠯᠬᠦ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠴᠢᠳᠠᠪᠤᠷᠢᠲᠠᠨ | ᠬᠥᠮᠦᠵᠢᠭᠦᠯᠬᠦ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ︽ᠤᠯᠤᠰ ᠤᠨ ᠰᠤᠷᠤᠭᠴᠢᠳ ᠤᠨ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠤᠨ ᠪᠠᠷᠢᠮᠵᠢᠶ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ | ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠵᠤ᠂ ᠪᠡᠶ᠎ᠡ ᠶᠢᠨ ᠲᠠᠮᠢᠷ ᠤᠨ ᠬᠢᠴᠢᠶᠡᠯ ᠢ ᠭᠦᠢᠴᠡᠳ ᠨᠡᠭᠡᠭᠡᠵᠦ᠂ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠴᠠᠭ ᠢ ᠬᠠᠮᠤᠭ ᠤᠨ ᠪᠠᠭ᠎ᠠ ᠳᠤ ᠪᠠᠨ 2 ᠴᠠᠭ ᠢ ᠪᠠᠶᠢᠯᠭᠠᠬᠤ ᠶᠢ ᠪᠠᠲᠤᠯᠠᠨ᠂ ᠰᠤᠷᠤᠭᠴᠢᠳ ᠤᠨ | ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠬᠤ | ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ | ᠥᠷᠨᠢᠭᠦᠯᠬᠦ ᠬᠡᠷᠡᠭᠲᠡᠢ᠃ ᠰᠤᠷᠤᠯᠴᠠᠬᠤ ᠶᠢ ᠳᠠᠬᠢᠨ ᠭᠦᠨᠵᠡᠭᠡᠶᠢᠷᠡᠭᠦᠯᠵᠦ᠂ ᠪᠠᠶᠢᠴᠠᠭᠠᠬᠤ ᠶᠢ ᠳᠠᠬᠢᠨ | ᠭᠦᠨᠵᠡᠭᠡᠶᠢᠷᠡᠭᠦᠯᠦᠨ᠂ ᠥᠭᠡᠷᠡᠴᠢᠯᠡᠬᠦ ᠳᠤ ᠪᠣᠳᠠᠲᠤ ᠦᠷ᠎ᠡ ᠪᠦᠲᠦᠮᠵᠢ ᠣᠯᠵᠤ᠂ ᠰᠤᠷᠭᠠᠭᠤᠯᠢ ᠡᠷᠬᠢᠯᠡᠵᠦ | ᠰᠤᠷᠭᠠᠭᠤᠯᠢ ᠶᠢ ᠵᠠᠰᠠᠬᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ | ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠸᠧᠢ᠂ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |