ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠬᠤ ᠶᠢ | ᠠᠬᠢᠭᠤᠯᠵᠤ᠂ ᠬᠢᠮᠡᠯ ᠣᠶᠤᠨ ᠪᠠ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠠᠭᠤᠰᠤᠯᠴᠠᠨ | ᠬᠥᠭᠵᠢᠬᠦ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠣᠷᠣᠨ ᠤ ᠳᠣᠲᠣᠷᠠᠬᠢ ᠡᠯ᠎ᠡ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ | ᠤᠳᠤᠷᠢᠳᠤᠯᠭ᠎ᠠ ᠵᠢᠴᠢ ᠬᠢᠴᠢᠶᠡᠯ ᠬᠥᠮᠦᠵᠢᠯ ᠤᠨ ᠭᠠᠵᠠᠷ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ᠂ | ᠴᠢᠩᠬᠤᠸᠠ ᠶᠡᠭᠡ ᠰᠤᠷᠭᠠᠭᠤᠯᠢ ᠳᠤ ᠬᠦᠷᠴᠦ᠂ ᠬᠢᠮᠡᠯ ᠣᠶᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠳᠤ ᠡᠨᠧᠷᠭᠢ | ᠣᠯᠭᠤᠬᠤ ᠲᠤᠬᠠᠢ ᠲᠤᠰᠬᠠᠢ ᠰᠡᠳᠦᠪ ᠢᠶᠠᠷ ᠪᠠᠶᠢᠴᠠᠭᠠᠨ ᠰᠣᠳᠤᠯᠵᠤ ᠰᠤᠷᠤᠯᠴᠠᠭᠤᠯᠬᠤ ᠶᠢᠨ ᠬᠠᠮᠲᠤ ᠴᠢᠩᠬᠤᠸᠠ | ᠶᠡᠭᠡ ᠰᠤᠷᠭᠠᠭᠤᠯᠢ ᠶᠢᠨ ᠰᠠᠭᠤᠷᠢ ᠠᠵᠤ ᠦᠢᠯᠡᠳᠪᠦᠷᠢ ᠶᠢᠨ ᠪᠣᠯᠪᠠᠰᠤᠷᠠᠯ ᠤᠨ ᠲᠥᠪ ᠲᠤ ᠬᠦᠷᠴᠦ᠂ AI ᠮᠠᠰᠢᠨ | ᠬᠥᠮᠦᠨ ᠢ ᠪᠣᠳᠠᠲᠠᠢ ᠪᠣᠯᠪᠠᠰᠤᠷᠠᠭᠤᠯᠬᠤ ᠲᠣᠭᠤᠷᠢᠭ᠂ ᠣᠶᠤᠨᠲᠤ ᠵᠢᠱᠢᠮᠡᠭ ᠦᠨᠡᠨ ᠲᠤᠷᠰᠢᠯᠲᠠ ᠶᠢᠨ ᠲᠠᠰᠤᠭ ᠵᠡᠷᠭᠡ | ᠵᠢᠭᠠᠨ ᠰᠤᠷᠭᠠᠯᠲᠠ ᠶᠢᠨ ᠲᠠᠯᠠᠪᠤᠷ ᠢ ᠲᠣᠭᠤᠷᠢᠨ ᠦᠵᠡᠪᠡ᠃ | | | | | | ᠴᠢᠩᠬᠤᠸᠠ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠫᠧᠩ ᠭᠠᠩ ᠰᠤᠷᠭᠠᠭᠤᠯᠢ ᠶᠢᠨ ᠢᠶᠠᠨ ᠬᠢᠮᠡᠯ ᠣᠶᠤᠨ | ᠪᠠ ᠴᠢᠳᠠᠪᠤᠷᠢᠲᠠᠨ ᠬᠥᠮᠥᠵᠢᠭᠦᠯᠬᠦ ᠶᠢ ᠠᠭᠤᠰᠬᠠᠭᠰᠠᠨ ᠰᠢᠨ᠎ᠡ ᠶᠢ ᠡᠭᠦᠳᠬᠦ ᠦᠢᠯᠡᠳᠦᠯᠭᠡ ᠶᠢ ᠲᠠᠨᠢᠯᠴᠠᠭᠤᠯᠵᠤ᠂ | ᠰᠢᠨ᠎ᠡ ᠵᠢᠩᠬᠢᠨᠢ ᠠᠩᠭᠢ ᠶᠢᠨ ᠶᠡᠷᠦᠩᠬᠡᠶᠢᠯᠡᠭᠰᠡᠨ ᠪᠣᠯᠪᠠᠰᠤᠷᠠᠯ ᠤᠨ ᠪᠢᠴᠢᠭ ᠤᠨ ᠬᠦᠷᠢᠶᠡᠯᠡᠩ ᠪᠠᠶᠢᠭᠤᠯᠬᠤ᠂ ᠬᠢᠮᠡᠯ | ᠣᠶᠤᠨ ᠪᠠ ᠣᠯᠠᠨ ᠰᠢᠨᠵᠢᠯᠡᠭᠡᠨ ᠤ ᠰᠠᠯᠠᠭ᠎ᠠ ᠰᠣᠯᠪᠢᠴᠠᠭᠰᠠᠨ ᠬᠠᠮ ᠴᠢᠳᠠᠪᠤᠷᠢᠲᠠᠨ ᠢ ᠬᠦᠴᠦᠯᠡᠨ ᠬᠥᠮᠦᠵᠢᠭᠦᠯᠬᠦ᠂ | ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠬᠦ ᠵᠡᠷᠭᠡ ᠲᠡᠷᠢᠭᠦᠨ ᠤ ᠣᠶᠢᠯᠠᠭᠠᠭᠳᠠᠬᠤᠨ ᠪᠠ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠬᠠᠮᠲᠤ | ᠳᠤ ᠪᠠᠨ ᠬᠤᠪᠢᠶᠠᠯᠴᠠᠨ ᠡᠳ᠋ᠯᠡᠪᠡ᠃ | ᠴᠢᠩᠬᠤᠸᠠ ᠶᠡᠭᠡ ᠰᠤᠷᠭᠠᠭᠤᠯᠢ ᠶᠢᠨ ᠰᠦᠯᠵᠢᠶᠡᠨ ᠳᠠᠬᠢ ᠰᠤᠷᠭᠠᠨ ᠬᠥᠮᠦᠵᠢᠯ ᠤᠨ ᠲᠥᠪ ᠤᠨ ᠡᠷᠬᠢᠯᠡᠭᠴᠢ | ᠸᠠᠩ ᠭᠦᠸᠧ ᠱᠤᠸᠠᠢ ︽ᠴᠢᠩᠬᠤᠸᠠ ᠶᠡᠭᠡ ᠰᠤᠷᠭᠠᠭᠤᠯᠢ ᠶᠢᠨ AI ᠰᠤᠷᠭᠠᠨ ᠬᠥᠮᠦᠵᠢᠯ ᠵᠢᠭᠠᠨ ᠰᠤᠷᠭᠠᠯᠲᠠ ᠳᠤ | ᠡᠨᠧᠷᠭᠢ ᠣᠯᠭᠤᠬᠤ ᠶᠢ ᠰᠦᠪᠡᠭᠴᠢᠯᠡᠭᠰᠡᠨ ᠲᠣᠶᠢᠮᠤᠯᠠᠯ︾ ᠭᠡᠬᠦ ᠰᠡᠳᠦᠪ ᠢᠶᠠᠷ᠂ ᠴᠢᠩᠬᠤᠸᠠ ᠶᠡᠭᠡ ᠰᠤᠷᠭᠠᠭᠤᠯᠢ | ᠣᠶᠤᠨᠲᠤ ᠵᠢᠭᠠᠨ ᠰᠤᠷᠭᠠᠯᠲᠠ ᠶᠢ ᠰᠢᠰᠲ᠋ᠧᠮ ᠲᠠᠢ ᠪᠠᠶᠢᠭᠤᠯᠤᠭᠰᠠᠨ ᠦᠷ᠎ᠡ ᠪᠦᠲᠦᠭᠡᠯ ᠤᠨ ᠰᠦᠪᠡᠭᠴᠢᠯᠡᠯᠲᠡ ᠶᠢ | ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ︔ ᠬᠢᠮᠢ ᠶᠢᠨ ᠠᠵᠤ ᠦᠢᠯᠡᠳᠪᠦᠷᠢ ᠶᠢᠨ ᠰᠠᠯᠪᠤᠷᠢ ᠶᠢᠨ ᠯᠦ ᠳ᠋ᠢᠶᠠᠨ ᠨᠠᠨ | ᠫᠷᠤᠹᠧᠰᠰᠤᠷ ᠲᠧᠭᠨᠢᠭ ᠤᠨ ᠤᠬᠠᠭᠠᠨ ᠤ ᠵᠢᠭᠠᠨ ᠰᠤᠷᠭᠠᠯᠲᠠ ᠶᠢᠨ ᠦᠢᠯᠡᠳᠦᠯᠭᠡ ᠲᠠᠢ ᠤᠶᠠᠯᠳᠤᠭᠤᠯᠤᠨ᠂ AI | ᠬᠢᠴᠢᠶᠡᠯ ᠤᠨ ᠪᠠᠶᠢᠭᠤᠯᠤᠯᠲᠠ ᠶᠢᠨ ᠠᠷᠭ᠎ᠠ ᠵᠠᠮ ᠵᠢᠴᠢ ᠣᠨᠴᠠᠯᠢᠭ ᠢ ᠭᠦᠨᠵᠡᠭᠡᠢ ᠵᠠᠳᠠᠯᠪᠠ︔ ᠺᠣᠮᠫᠢᠦ᠋ᠲ᠋ᠧᠷ ᠤᠨ | ᠰᠠᠯᠪᠤᠷᠢ ᠶᠢᠨ ᠮᠠ ᠢᠦᠢ ᠴᠦᠨ ᠫᠷᠤᠹᠧᠰᠰᠤᠷ ︽ᠫᠷᠣᠭ᠍ᠷᠠᠮ ᠨᠠᠶᠢᠷᠠᠭᠤᠯᠬᠤ︾ ᠬᠢᠴᠢᠶᠡᠯ ᠤᠨ ᠥᠭᠡᠷᠡᠴᠢᠯᠡᠯᠲᠡ ᠪᠠᠷ | ᠵᠢᠱᠢᠶᠡᠯᠡᠵᠦ᠂ AI ᠲᠣᠮᠤ ᠵᠠᠭᠪᠤᠷ ᠢᠶᠠᠷ ᠺᠣᠳ᠋ ᠢ ᠵᠠᠯᠠᠷᠠᠭᠤᠯᠬᠤ᠂ ᠫᠷᠣᠭ᠍ᠷᠠᠮ ᠨᠠᠶᠢᠷᠠᠭᠤᠯᠬᠤ ᠰᠡᠳᠬᠢᠮᠵᠢ ᠶᠢᠨ | ᠪᠣᠯᠪᠠᠰᠤᠷᠠᠯ ᠵᠡᠷᠭᠡ ᠵᠢᠭᠠᠨ ᠰᠤᠷᠭᠠᠯᠲᠠ ᠶᠢᠨ ᠭᠤᠭᠴᠤᠭᠠᠨ ᠤ ᠰᠢᠨ᠎ᠡ ᠡᠭᠦᠳᠦᠯᠲᠡ ᠬᠡᠷᠡᠭᠯᠡᠯᠲᠡ ᠶᠢ ᠳᠡᠯᠭᠡᠨ | ᠦᠵᠡᠭᠦᠯᠪᠡ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠢᠮᠡᠯ ᠣᠶᠤᠨ ᠢᠶᠠᠷ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠳᠤ ᠡᠨᠧᠷᠭᠢ ᠣᠯᠭᠤᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ | ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢ ᠠᠬᠢᠭᠤᠯᠬᠤ ᠴᠢᠬᠤᠯᠠ | ᠭᠠᠷᠳᠠᠴᠠ ᠪᠣᠯᠭᠠᠪᠠ᠃ ᠡᠨᠡ ᠤᠳᠠᠭᠠᠨ ᠤ ᠪᠠᠶᠢᠴᠠᠭᠠᠨ ᠰᠣᠳᠤᠯᠵᠤ ᠰᠤᠷᠤᠯᠴᠠᠭᠰᠠᠨ ᠪᠣᠯ ᠡᠯ᠎ᠡ ᠳᠡᠭᠡᠳᠦ | ᠰᠤᠷᠭᠠᠭᠤᠯᠢ ᠶᠢᠨ ᠬᠢᠮᠡᠯ ᠣᠶᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠬᠤ ᠪᠠᠷ | ᠪᠠᠷᠠᠬᠤ ᠦᠭᠡᠢ᠂ ᠪᠠᠰᠠ ᠥᠪᠡᠷᠲᠡᠭᠡᠨ ᠵᠠᠰᠠᠬᠤ ᠣᠷᠣᠨ ᠤ ᠬᠢᠮᠡᠯ ᠣᠶᠤᠨ ᠢᠶᠠᠷ ᠰᠢᠨᠵᠢᠯᠡᠭᠡᠨ ᠤ ᠰᠠᠯᠠᠭᠠᠨ ᠤ ᠲᠤᠰᠬᠠᠢ | ᠮᠡᠷᠭᠡᠵᠢᠯ ᠤᠨ ᠪᠠᠶᠢᠭᠤᠯᠤᠯᠲᠠ ᠳᠤ ᠡᠨᠧᠷᠭᠢ ᠣᠯᠭᠤᠬᠤ ᠠᠵᠢᠯᠯᠠᠭ᠎ᠠ ᠶᠢᠨ ᠲᠥᠰᠦᠯ ᠢ ᠲᠡᠭᠦᠯᠳᠡᠷᠵᠢᠭᠦᠯᠬᠦ ᠭᠦᠨᠵᠡᠭᠡᠢ | ᠰᠣᠯᠢᠯᠴᠠᠭ᠎ᠠ ᠪᠣᠯᠤᠨ᠎ᠠ᠃ ᠪᠠᠶᠢᠴᠠᠭᠠᠨ ᠰᠤᠳᠤᠯᠵᠤ ᠰᠤᠷᠤᠯᠴᠠᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ | ᠳᠡᠭᠡᠳᠦ ᠰᠤᠷᠭᠠᠭᠤᠯᠢ ᠶᠢᠨ ᠲᠥᠯᠥᠭᠡᠯᠡᠭᠴᠢ ᠲᠡᠷᠢᠭᠦᠨ ᠤ ᠳᠡᠭᠡᠳᠦ ᠰᠤᠷᠭᠠᠭᠤᠯᠢ ᠶᠢᠨ ︽AI + ᠰᠤᠷᠭᠠᠨ | ᠬᠥᠮᠦᠵᠢᠯ︾ ᠤᠨ ᠬᠦᠷᠢᠶᠡᠨ ᠳᠠᠬᠢ ᠡᠮᠦᠨ᠎ᠡ ᠵᠠᠬ᠎ᠠ ᠶᠢᠨ ᠰᠥᠪᠡᠭᠴᠢᠯᠡᠯᠲᠡ ᠶᠢ ᠪᠡᠶᠡᠴᠢᠯᠡᠨ ᠣᠶᠢᠯᠠᠭᠠᠵᠤ᠂ ᠬᠢᠮᠡᠯ | ᠣᠶᠤᠨ ᠢᠶᠠᠷ ᠳᠡᠭᠡᠳᠦ ᠵᠡᠷᠭᠡ ᠶᠢᠨ ᠰᠤᠷᠭᠠᠨ ᠬᠥᠮᠦᠵᠢᠯ ᠳᠤ ᠡᠨᠧᠷᠭᠢ ᠣᠯᠭᠤᠬᠤ ᠶᠢ ᠠᠬᠢᠭᠤᠯᠬᠤ ᠲᠤᠯᠭᠠᠮ | ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠪᠠ᠃ ᠣᠷᠣᠯᠴᠠᠭᠰᠠᠳ ᠡᠨᠡ | ᠤᠳᠠᠭᠠᠨ ᠤ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ AI ᠮᠡᠷᠭᠡᠵᠢᠯ ᠪᠠ ᠰᠢᠨᠵᠢᠯᠡᠭᠡᠨ ᠤ ᠰᠠᠯᠠᠭᠠᠨ ᠤ | ᠲᠤᠰᠬᠠᠢ ᠮᠡᠷᠭᠡᠵᠢᠯ ᠤᠨ ᠭᠦᠨᠵᠡᠭᠡᠢ ᠠᠭᠤᠰᠤᠯᠴᠠᠭ᠎ᠠ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠲᠣᠭᠠᠨ ᠤ ᠬᠡᠪ ᠪᠣᠯᠪᠠᠰᠤᠷᠠᠯ ᠪᠠ ᠰᠢᠨ᠎ᠡ ᠶᠢ ᠡᠭᠦᠳᠬᠦ ᠴᠢᠳᠠᠪᠤᠷᠢ ᠶᠢ ᠬᠤᠣᠰᠯᠠᠭᠤᠯᠤᠭᠰᠠᠨ ᠬᠠᠮ | ᠴᠢᠳᠠᠪᠤᠷᠢᠲᠠᠨ ᠢ ᠬᠥᠮᠦᠵᠢᠭᠦᠯᠬᠦ ᠰᠠᠭᠤᠷᠢ ᠶᠢ ᠪᠠᠬᠢᠵᠢᠭᠦᠯᠦᠨ᠎ᠡ ᠭᠡᠵᠡᠭᠡᠪᠡ᠃ | | | |