6 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ | ᠯᠢᠶᠠᠩ ᠪᠦᠯᠬᠦᠮ ᠳᠠᠭᠠᠭᠤᠯᠤᠨ ᠭᠢᠷᠢᠨ ᠶᠡᠭᠡ ᠰᠤᠷᠭᠠᠭᠤᠯᠢ ᠳᠤ ᠬᠦᠷᠴᠦ ᠰᠤᠷᠪᠤᠯᠵᠢᠯᠠᠨ ᠠᠵᠢᠯ ᠢᠶᠠᠨ ᠵᠣᠯᠭᠠᠭᠤᠯᠪᠠ᠃ | | | | | | ᠳ᠋ᠦ᠋ ᠬᠤᠢ ᠯᠢᠶᠠᠩ ᠤᠷᠲᠤ ᠬᠤᠭᠤᠴᠠᠭᠠᠨ ᠤ ᠲᠤᠷᠰᠢ᠂ ᠭᠢᠷᠢᠨ ᠶᠡᠭᠡ ᠰᠤᠷᠭᠠᠭᠤᠯᠢ ᠥᠪᠡᠷ ᠤᠨ ᠰᠢᠯᠢᠳᠡᠭ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ | ᠰᠤᠷᠭᠠᠨ ᠬᠥᠮᠦᠵᠢᠯ ᠤᠨ ᠦᠢᠯᠡᠰ ᠢ ᠬᠦᠴᠦᠲᠡᠢ ᠳᠡᠮᠵᠢᠨ᠂ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ᠂ | ᠴᠢᠳᠠᠪᠤᠷᠢᠲᠠᠨ ᠬᠥᠮᠦᠵᠢᠭᠦᠯᠬᠦ ᠵᠡᠷᠭᠡ ᠬᠦᠷᠢᠶᠡᠨ ᠳᠤ ᠭᠦᠨᠵᠡᠭᠡᠢ ᠬᠠᠮᠲᠤᠷᠠᠯᠴᠠᠵᠤ᠂ ᠦᠷ᠎ᠡ ᠪᠥᠲᠦᠮᠵᠢ ᠣᠯᠪᠠ᠃ | ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠶᠠᠭ | ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠪᠡᠶᠡᠯᠡᠭᠦᠯᠬᠦ ᠪᠠᠷ ᠭᠤᠣᠯ | ᠰᠢᠪᠲᠤᠯᠤᠯᠲᠠ ᠶᠢᠨ ᠬᠠᠷᠠᠯᠲᠠ ᠪᠣᠯᠭᠠᠵᠤ᠂ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠲᠦᠷᠭᠡᠳᠬᠡᠨ | ᠪᠠᠶᠢᠭᠤᠯᠵᠤ ᠪᠣᠢ᠃ ᠡᠨᠡ ᠤᠳᠠᠭᠠᠨ ᠤ ᠠᠵᠢᠯ ᠢᠶᠠᠨ ᠵᠣᠯᠭᠠᠭᠤᠯᠬᠤ ᠪᠠᠷ ᠠᠵᠠ ᠲᠣᠬᠢᠶᠠᠯ ᠪᠣᠯᠭᠠᠵᠤ᠂ ᠥᠩᠭᠡᠷᠡᠭᠰᠡᠨ ᠤ | ᠬᠠᠮᠲᠤᠷᠠᠯᠴᠠᠭᠠᠨ ᠤ ᠰᠠᠭᠤᠷᠢᠨ ᠳᠡᠭᠡᠷ᠎ᠡ᠂ ᠳᠡᠭᠡᠳᠦ ᠳᠡᠰ ᠤᠨ ᠲᠥᠯᠥᠪᠯᠡᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ | ᠲᠤᠰ ᠲᠤᠰ ᠤᠨ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠤ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ︽ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠬᠤ︾ ᠬᠥᠭᠵᠢᠯᠲᠡ ᠳᠤ ᠠᠩᠬᠠᠷᠤᠯ ᠢᠶᠠᠨ | ᠬᠠᠨᠳᠤᠭᠤᠯᠤᠨ᠂ ᠲᠡᠷᠢᠭᠦᠨ ᠤ ᠬᠢᠴᠢᠶᠡᠯ ᠲᠥᠷᠥᠯ ᠢ ᠬᠠᠮᠲᠤ ᠪᠠᠶᠢᠭᠤᠯᠬᠤ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ | ᠂ ᠰᠤᠷᠭᠠᠨ ᠬᠥᠮᠦᠵᠢᠯ ᠤᠨ ᠠᠵᠢᠯ ᠲᠥᠷᠥᠯ ᠤᠨ ᠳᠣᠭᠲᠠᠯᠴᠠᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠥᠷᠭᠡᠴᠡ ᠪᠠ ᠭᠦᠨᠴᠡ ᠶᠢ | ᠲᠠᠰᠤᠷᠠᠯᠲᠠ ᠦᠭᠡᠢ ᠥᠷᠭᠡᠳᠬᠡᠨ᠂ ᠬᠤᠶᠠᠷ ᠭᠠᠵᠠᠷ ᠤᠨ ᠳᠡᠭᠡᠳᠦ ᠰᠤᠷᠭᠠᠭᠤᠯᠢ ᠬᠠᠮᠵᠢᠯᠴᠠᠨ ᠰᠢᠨ᠎ᠡ ᠬᠡᠪ ᠵᠠᠭᠪᠤᠷ ᠢ | ᠬᠠᠮᠲᠤᠷᠠᠨ ᠰᠦᠪᠡᠭᠴᠢᠯᠡᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠭᠢᠷᠢᠨ ᠶᠡᠭᠡ ᠰᠤᠷᠭᠠᠭᠤᠯᠢ ᠶᠢᠨ ᠰᠢᠯᠢᠳᠡᠭ | ᠰᠤᠷᠤᠭᠴᠢᠳ ᠥᠪᠥᠷ ᠮᠣᠩᠭᠤᠯ ᠳᠤ ᠢᠷᠡᠵᠦ᠂ ᠠᠪᠢᠶᠠᠰ ᠴᠢᠳᠠᠪᠤᠷᠢ ᠪᠠᠨ ᠪᠠᠳᠠᠷᠠᠭᠤᠯᠤᠨ᠂ ᠭᠠᠪᠢᠶ᠎ᠠ ᠵᠢᠳᠬᠦᠯ ᠭᠠᠷᠭᠠᠨ | ᠦᠢᠯᠡᠰ ᠪᠦᠲᠦᠭᠡᠵᠦ᠂ ᠭᠠᠵᠠᠷ ᠣᠷᠣᠨ ᠤ ᠬᠥᠭᠵᠢᠯᠲᠡ ᠳᠤ ᠭᠠᠷ ᠬᠤᠯᠪᠣᠨ ᠬᠦᠴᠦᠨ ᠴᠢᠳᠠᠯ ᠢᠶᠠᠨ ᠡᠷᠭᠦᠬᠦ ᠶᠢ | ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠪᠡ᠃ | ᠭᠢᠷᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠲᠢᠶᠠᠨ ᠾᠦᠢ᠂ ᠣᠳᠣᠬᠠᠨ ᠳᠤ᠂ ᠭᠢᠷᠢᠨ | ᠶᠡᠭᠡ ᠰᠤᠷᠭᠠᠭᠤᠯᠢ ᠶᠠᠭ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ ᠬᠠᠷᠢᠭᠤ | ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠠᠶᠢᠯᠳᠤᠬᠤ | ᠪᠣᠳᠣᠯᠭ᠎ᠠ ᠪᠣᠯᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠᠷ ᠭᠤᠣᠯ ᠡᠭᠦᠷᠭᠡ | ᠪᠣᠯᠭᠠᠬᠤ ᠶᠢ ᠪᠠᠷᠢᠮᠲᠠᠯᠠᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠥᠨᠳᠦᠷᠯᠢᠭ ᠢ ᠥᠳᠲᠡᠷ ᠲᠦᠷᠭᠡᠨ | ᠪᠠᠶᠢᠭᠤᠯᠵᠤ᠂ ᠰᠤᠷᠭᠠᠭᠤᠯᠢ ᠶᠢᠨ ᠶᠡᠭᠡ ᠠᠴᠠ ᠬᠦᠴᠦᠷᠬᠡᠭ ᠪᠣᠯᠬᠤ ᠰᠢᠰᠲ᠋ᠧᠮᠲᠦ ᠴᠢᠨᠠᠷᠲᠠᠢ ᠳᠠᠪᠰᠢᠯᠲᠠ ᠶᠢ | ᠪᠡᠶᠡᠯᠡᠭᠦᠯᠬᠦ ᠶᠢ ᠬᠦᠴᠦᠯᠡᠨ ᠠᠬᠢᠭᠤᠯᠵᠤ ᠪᠣᠢ᠃ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠤᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠡᠷᠡᠭᠴᠡᠭᠡ ᠳᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠠᠯᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠲᠤᠰᠠᠯᠠᠬᠤ ᠠᠵᠢᠯ ᠤᠨ | ᠡᠷᠴᠢᠮ ᠢ ᠴᠢᠩᠭᠠᠷᠠᠭᠤᠯᠵᠤ᠂ ᠲᠤᠰᠠᠯᠠᠬᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠂ ᠬᠡᠷᠡᠭᠴᠡᠭᠡ | ᠱᠠᠭᠠᠷᠳᠠᠯᠭ᠎ᠠ ᠳᠤ ᠲᠣᠬᠢᠷᠠᠬᠤ ᠴᠡᠭ ᠢ ᠭᠦᠨᠵᠡᠭᠡᠢ ᠡᠷᠢᠵᠦ᠂ ᠪᠦᠬᠦ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ | ᠥᠷᠭᠡᠳᠬᠡᠵᠦ᠂ ᠥᠨᠳᠥᠷ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠂ ᠬᠢᠯᠢ ᠬᠢᠵᠠᠭᠠᠷ ᠤᠨ | ᠦᠨᠳᠦᠰᠦᠲᠡᠨ ᠤ ᠣᠷᠣᠨ ᠪᠦᠰᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠪᠣᠯᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠨᠡᠩ ᠶᠡᠭᠡ | ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ | ᠠᠭᠤᠯᠵᠠᠯᠲᠠ ᠠᠴᠠ ᠡᠮᠦᠨ᠎ᠡ᠂ ᠳ᠋ᠦ᠋ ᠬᠤᠢ ᠯᠢᠶᠠᠩ ᠨᠠᠷ ᠭᠢᠷᠢᠨ ᠶᠡᠭᠡ ᠰᠤᠷᠭᠠᠭᠤᠯᠢ ᠶᠢᠨ ᠲᠡᠦᠬᠡ ᠶᠢᠨ ᠣᠷᠳᠣᠨ᠂ | ᠶᠡᠷᠦᠩᠬᠡᠶᠢᠯᠡᠭᠰᠡᠨ ᠣᠨᠴᠠᠭᠠᠢ ᠨᠥᠬᠦᠴᠡᠯᠲᠦ ᠥᠨᠳᠥᠷ ᠳᠠᠷᠤᠯᠲᠠᠲᠤ ᠰᠢᠨᠵᠢᠯᠡᠬᠦ ᠤᠬᠠᠭᠠᠨ ᠤ ᠲᠥᠪ ᠵᠡᠷᠭᠡ ᠶᠢ | ᠲᠣᠭᠤᠷᠢᠨ ᠦᠵᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ | ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ 4 ᠶᠡᠭᠡ ᠳᠡᠭᠡᠳᠦ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ᠂ | ᠭᠢᠷᠢᠨ ᠶᠡᠭᠡ ᠰᠤᠷᠭᠠᠭᠤᠯᠢ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃ | | | |