5 ᠳ᠋ᠤᠭᠠᠷ ᠰᠠᠷ᠎ᠠ ᠶᠢᠨ 28 ᠤ ᠡᠳᠦᠷ᠂ ᠣᠷᠳᠣᠰ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ | ᠳ᠋ᠦᠩᠱᠧᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠨᠢ ᠬᠢᠶ᠎ᠠ ᠪᠠᠭᠰᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠯᠤᠭ᠎ᠠ 2025 ᠣᠨ ᠤ ᠪᠥᠬᠦ ᠤᠯᠤᠰ ᠤᠨ ᠬᠤᠲᠠᠳ ᠬᠠᠮᠲᠤᠷᠠᠨ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠢ ᠬᠠᠮᠲᠤᠷᠠᠨ ᠤᠷᠢᠵᠤ ᠡᠯᠰᠡᠬᠦ ᠬᠠᠪᠤᠷ ᠤᠨ ᠤᠯᠠᠷᠢᠯ ᠤᠨ ᠲᠤᠰᠬᠠᠢ ᠲᠠᠯᠠᠪᠤᠷ | ᠠᠵᠢᠯᠯᠠᠭᠠᠨ ᠬᠢᠭᠡᠳ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠠᠬᠢ ᠲᠤᠰᠬᠠᠶ ᠲᠠᠯᠠᠪᠤᠷ ᠤᠷᠢᠵᠤ | ᠡᠯᠰᠡᠬᠦ ᠴᠤᠭᠯᠠᠭᠠᠨ ᠢ ᠡᠷᠭᠢᠯᠡᠪᠡ᠃ | ᠡᠮᠦᠨᠡᠬᠢ ᠬᠤᠭᠤᠴᠠᠭᠠᠨ ᠳᠤ᠂ ᠬᠤᠲᠠ ᠲᠣᠭᠤᠷᠢᠭ ᠬᠤᠶᠠᠷ ᠱᠠᠲᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ ᠨᠢ ᠤᠲᠠᠰᠤ ᠪᠠᠷ | ᠬᠠᠷᠢᠭᠤ ᠰᠤᠷᠪᠤᠯᠵᠢᠯᠠᠬᠤ᠂ ᠰᠦᠯᠵᠢᠶ᠎ᠡ ᠪᠠᠷ ᠠᠰᠠᠭᠤᠯᠲᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ | ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠣᠨᠣᠴᠠᠲᠠᠶ ᠪᠠᠷ ᠤᠶᠢᠯᠠᠭᠠᠨ | ᠵᠢᠭᠰᠠᠭᠠᠭᠰᠠᠨ ᠤ ᠬᠠᠮᠲᠤ ᠣᠯᠠᠨ ᠠᠷᠭ᠎ᠠ ᠵᠠᠮ ᠢᠶᠠᠷ ᠤᠬᠠᠭᠤᠯᠤᠨ ᠳᠠᠶᠢᠴᠢᠯᠠᠭᠠᠳ 60 ᠠᠵᠤ ᠠᠬᠤᠶᠢᠯᠠᠯ ᠢ ᠲᠡᠳᠡᠨ | ᠣᠷᠣᠯᠴᠠᠭᠤᠯᠪᠠ᠂ ᠡᠭᠦᠨ ᠳᠤ ᠣᠯᠠᠨ ᠠᠵᠢᠯ ᠲᠥᠷᠥᠯ ᠤᠨ ᠬᠦᠷᠢᠶᠡᠨ ᠳᠠᠬᠢ 267 ᠠᠵᠢᠯ ᠤᠨ ᠪᠠᠶᠢᠷᠢ᠂ 2442 | ᠬᠥᠮᠦᠨ ᠬᠡᠷᠡᠭᠯᠡᠬᠦ ᠬᠡᠷᠡᠭᠴᠡᠭᠡ ᠶᠢ ᠪᠠᠭᠲᠠᠭᠠᠭᠰᠠᠨ ᠪᠠᠶᠢᠨ᠎ᠠ᠃ | ᠠᠵᠢᠯᠲᠠᠨ ᠤᠷᠢᠵᠤ ᠡᠯᠰᠡᠬᠦ ᠴᠤᠭᠯᠠᠭᠠᠨ ᠤ ᠬᠤᠭᠤᠴᠠᠭᠠᠨ ᠳᠤ᠂ ︽ᠰᠦᠯᠵᠢᠶᠡᠨ ᠠᠴᠠ ᠭᠠᠳᠠᠭᠤᠷᠬᠢ + | ᠰᠦᠯᠵᠢᠶ᠎ᠡ ᠪᠠᠷ︾ ᠮᠡᠳᠡᠭᠦᠯᠬᠦ ᠶᠢ ᠵᠡᠷᠭᠡ ᠪᠠᠷ ᠥᠷᠨᠢᠭᠦᠯᠬᠦ ᠬᠡᠪ ᠵᠠᠭᠪᠤᠷ ᠢ ᠬᠡᠷᠡᠭᠯᠡᠨ᠂ ᠠᠵᠤ ᠠᠬᠤᠶᠢᠯᠠᠯ ᠤᠨ | ᠰᠦᠯᠵᠢᠶᠡᠨ ᠠᠴᠠ ᠭᠠᠳᠠᠭᠤᠷᠬᠢ ᠠᠵᠢᠯᠲᠠᠨ ᠤᠷᠢᠵᠤ ᠡᠯᠰᠡᠬᠦ ᠲᠤᠰᠬᠠᠶ ᠲᠣᠭᠤᠷᠢᠭ᠂ ᠲᠥᠷᠥ ᠶᠢᠨ ᠪᠣᠳᠣᠯᠭ᠎ᠠ ᠶᠢᠨ | ᠠᠰᠠᠭᠤᠨ ᠯᠠᠪᠯᠠᠬᠤ ᠲᠤᠰᠬᠠᠶ ᠲᠣᠭᠤᠷᠢᠭ᠂ ᠠᠵᠢᠯ ᠮᠡᠷᠭᠡᠵᠢᠯ ᠤᠨ ᠵᠢᠯᠣᠭᠤᠳᠬᠤ ᠲᠤᠰᠬᠠᠶ ᠲᠣᠭᠤᠷᠢᠭ ᠪᠠ | ᠰᠦᠯᠵᠢᠶ᠎ᠡ ᠪᠠᠷ ︽ᠡᠭᠦᠯᠡᠨ ᠡᠯᠰᠡᠯᠲᠡ︾ ᠳᠥᠷᠪᠡᠨ ᠶᠡᠭᠡ ᠲᠤᠰᠬᠠᠶ ᠲᠣᠭᠤᠷᠢᠭ ᠭᠠᠷᠭᠠᠬᠤ ᠪᠠᠷ ᠳᠠᠮᠵᠢᠭᠤᠯᠤᠨ᠂ | ᠬᠥᠮᠦᠨ ᠬᠡᠷᠡᠭᠯᠡᠬᠦ ᠨᠢᠭᠡᠴᠢ ᠪᠠ ᠠᠵᠢᠯ ᠡᠷᠢᠭᠰᠡᠳ ᠲᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠪᠠ᠃ ᠡᠭᠦᠨ ᠳᠤ᠂ | ᠰᠦᠯᠵᠢᠶ᠎ᠡ ᠪᠠᠷ ︽ᠡᠭᠦᠯᠡᠨ ᠡᠯᠰᠡᠯᠲᠡ︾ ᠨᠢ ᠤᠯᠠᠮᠵᠢᠯᠠᠯᠲᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠦᠵᠡᠵᠦ | ᠪᠣᠯᠬᠤ᠂ ᠮᠡᠳᠡᠷᠡᠵᠦ ᠪᠣᠯᠬᠤ᠂ ᠬᠠᠷᠢᠯᠴᠠᠵᠤ ᠪᠣᠯᠬᠤ ᠠᠵᠢᠯ ᠮᠡᠷᠭᠡᠵᠢᠯ ᠤᠨ ᠬᠥᠭᠵᠢᠯᠲᠡ ᠶᠢᠨ ᠵᠢᠷᠤᠭ ᠲᠦᠰᠦᠪ | ᠪᠣᠯᠭᠠᠨ ᠬᠤᠪᠢᠷᠠᠭᠤᠯᠵᠤ᠂ ᠨᠡᠶᠢᠲᠡ 4800 ᠭᠠᠷᠤᠶ ᠬᠥᠮᠦᠨ ᠤᠳᠠᠭ᠎ᠠ ᠰᠣᠨᠢᠷᠬᠠᠨ ᠦᠵᠡᠪᠡ᠃ |