ᠬᠠᠤᠯᠢ ᠴᠠᠭᠠᠵᠠ ᠶᠢᠨ ᠶᠠᠮᠤᠨ ᠤ ︽ᠬᠠᠤᠯᠢ ᠴᠠᠭᠠᠵᠠ ᠶᠢᠨ ᠲᠤᠰᠠᠯᠠᠮᠵᠢ ᠪᠠᠷ ᠬᠡᠦᠬᠡᠳ ᠪᠠᠭᠠᠴᠤᠳ ᠢ | ᠬᠠᠶᠢᠷᠠᠯᠠᠨ ᠬᠠᠮᠠᠭᠠᠯᠠᠬᠤ︾ ᠠᠵᠢᠯᠯᠠᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠪᠠᠷ ᠨᠠᠰᠤᠨ ᠳᠤ ᠥᠯᠥ | ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢ | ᠭᠦᠢᠴᠡᠳ ᠪᠠᠳᠠᠷᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠤᠰᠠᠯᠠᠮᠵᠢ ᠶᠢᠨ ᠲᠥᠪ ᠠᠴᠠ ︽ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ ᠬᠡᠦᠬᠡᠳ ᠪᠠᠭᠠᠴᠤᠳ ᠢ | ᠬᠠᠶᠢᠷᠠᠯᠠᠨ ᠬᠠᠮᠠᠭᠠᠯᠠᠵᠤ ᠦᠰᠦᠨ ᠪᠤᠶᠢᠵᠢᠯᠲᠠ ᠳᠤ ᠨᠢ ᠳᠡᠮᠵᠢᠯᠭᠡ ᠦᠵᠡᠭᠦᠯᠰᠦᠭᠡᠢ︾ ᠭᠡᠬᠦ ᠲᠤᠰᠬᠠᠶ ᠠᠵᠢᠯᠯᠠᠭ᠎ᠠ ᠶᠢ | ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠳᠤ | ᠠᠩᠬᠠᠷᠤᠯ ᠢᠶᠠᠨ ᠲᠥᠪᠯᠡᠷᠡᠭᠦᠯᠦᠨ᠂ ᠬᠠᠮᠵᠢᠯᠴᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ | ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠵᠦ᠂ ᠠᠷᠠᠳ ᠲᠤ ᠲᠥᠬᠦᠮ ᠦᠵᠡᠭᠦᠯᠬᠦ ᠠᠷᠭ᠎ᠠ ᠠᠪᠴᠠᠯ ᠤᠨ | ᠲᠣᠭᠲᠠᠴᠠ ᠳᠤ ᠰᠢᠨ᠎ᠡ ᠶᠢ ᠡᠭᠦᠳᠴᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠠᠶᠠᠯᠠᠯ ᠳᠤ ᠨᠢ | ᠳᠡᠮᠵᠢᠯᠭᠡ ᠲᠤᠰᠠ ᠦᠵᠡᠭᠦᠯᠦᠨ᠎ᠡ᠃ | ᠨᠢᠭᠡ ᠳᠤ᠂ ᠦᠢᠯᠡᠴᠢᠯᠡᠭᠡᠨ ᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ᠃ ᠡᠷᠬᠡ ᠪᠠᠨ ᠬᠠᠮᠠᠭᠠᠯᠠᠬᠤ | ᠦᠢᠯᠡᠴᠢᠯᠡᠭᠡᠨ ᠤ ᠰᠦᠯᠵᠢᠶ᠎ᠡ ᠶᠢᠨ ᠲᠣᠭᠲᠠᠯᠴᠠᠭ᠎ᠠ ᠶᠢ ᠰᠢᠯᠢᠳᠡᠭᠵᠢᠭᠦᠯᠦᠨ ᠪᠠᠶᠢᠷᠢᠯᠠᠭᠤᠯᠵᠤ᠂ ᠨᠠᠰᠤᠨ ᠳᠤ ᠥᠯᠥ | ᠭᠦᠷᠦᠭᠰᠡᠳ ᠤᠨ ︽ᠰᠠᠭᠠᠳ ᠥᠬᠡᠶ ᠨᠡᠪᠲᠡᠷᠡᠬᠦ ᠵᠠᠮ︾ ᠢ ᠪᠠᠶᠢᠭᠤᠯᠵᠤ᠂ ᠠᠳᠠᠯᠢ ᠱᠠᠲᠤᠨ ᠤ ᠡᠪᠯᠡᠯ ᠤᠨ | ᠬᠤᠷᠢᠶ᠎ᠠ ᠳᠤ ᠲᠦᠰᠢᠭᠯᠡᠨ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ | ᠥᠷᠲᠡᠭᠡ ᠪᠤᠶᠤ ᠡᠷᠬᠡ ᠪᠠᠨ ᠬᠠᠮᠠᠭᠠᠯᠠᠬᠤ ᠶᠢᠨ ᠬᠠᠷᠢᠯᠴᠠᠬᠤ ᠴᠡᠭ ᠢ ᠪᠠᠶᠢᠭᠤᠯᠵᠤ᠂ ᠨᠠᠰᠤᠨ ᠳᠤ ᠥᠯᠥ | ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠬᠦ᠂ | ᠤᠷᠢᠳ ᠢᠶᠠᠷ ᠬᠢᠨᠠᠨ ᠪᠠᠶᠢᠴᠠᠭᠠᠬᠤ᠂ ᠤᠷᠢᠳ ᠢᠶᠠᠷ ᠲᠣᠮᠢᠯᠠᠬᠤ ᠵᠠᠷᠴᠢᠮ ᠢ ᠵᠢᠷᠤᠮᠯᠠᠨ᠂ ᠨᠥᠬᠦᠴᠡᠯ ᠳᠤ ᠨᠡᠶᠢᠴᠡᠬᠦ | ᠲᠤᠰᠠᠯᠠᠮᠵᠢ ᠶᠢᠨ ᠬᠡᠷᠡᠭ ᠢ ᠲᠤᠬᠠᠢ ᠶᠢᠨ ᠡᠳᠦᠷ ᠲᠤ ᠨᠢ ᠭᠥᠯᠢᠶᠡᠨ ᠠᠪᠴᠤ ᠰᠢᠢᠳᠪᠦᠷᠢᠯᠡᠨ᠂ ᠲᠤᠬᠠᠢ ᠶᠢᠨ | ᠡᠳᠦᠷ ᠲᠤ ᠨᠢ ᠲᠣᠮᠢᠯᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ | ᠭᠤᠶᠤᠴᠢᠯᠠᠬᠤ ᠳᠤ ᠨᠢ ︽ᠥᠴᠦᠬᠡᠨ ᠴᠦ ᠬᠦᠯᠢᠶᠡᠯᠭᠡᠯ ᠥᠬᠡᠶ︾ ᠪᠠᠶᠢᠬᠤ ᠶᠢ ᠪᠡᠶᠡᠯᠡᠭᠦᠯᠪᠡ᠃ ᠪᠦᠬᠦ ᠣᠷᠣᠨ ᠤ | ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ ᠡᠪ ᠬᠠᠮᠲᠤ ᠵᠠᠯᠠᠭᠤᠴᠤᠳ ᠤᠨ ᠡᠪᠯᠡᠯ ᠳᠤ | ᠲᠦᠰᠢᠭᠯᠡᠨ ᠬᠠᠤᠯᠢ ᠴᠠᠭᠠᠵᠠ ᠶᠢᠨ ᠲᠤᠰᠠᠯᠠᠮᠵᠢ ᠣᠯᠭᠤᠬᠤ 109 ᠠᠵᠢᠯᠯᠠᠬᠤ ᠦᠷᠲᠡᠭᠡ ᠶᠢ ᠪᠠᠶᠢᠭᠤᠯᠪᠠ᠃ | ᠬᠤᠶᠠᠷ ᠲᠤ᠂ ᠣᠨᠣᠴᠠᠲᠠᠶ ᠦᠢᠯᠡᠴᠢᠯᠡᠭᠡ ᠬᠠᠩᠭᠠᠨ᠎ᠠ᠃ ᠬᠥᠳᠡᠭᠡ ᠲᠣᠰᠬᠤᠨ ᠤ ᠭᠡᠷ ᠲᠤ ᠪᠠᠨ ᠦᠯᠡᠳᠡᠵᠦ | ᠬᠤᠴᠤᠷᠤᠭᠰᠠᠨ ᠬᠡᠦᠬᠡᠳ᠂ ᠨᠠᠰᠤᠨ ᠳᠤ ᠬᠦᠷᠦᠭᠡᠳᠦᠢ ᠬᠤᠬᠢᠷᠠᠯ ᠠᠮᠰᠠᠭᠰᠠᠳ᠂ ᠨᠠᠰᠤᠨ ᠳᠤ ᠬᠦᠷᠦᠭᠡᠳᠦᠢ | ᠵᠡᠮᠳᠡᠭᠴᠦᠳ᠂ ᠥᠨᠥᠴᠢᠨ ᠥᠷᠦᠭᠡᠰᠦᠨ ︵ᠤᠷᠤᠭ ᠰᠠᠯᠤᠭᠰᠠᠨ︶ ᠭᠡᠷ ᠪᠦᠯᠢ ᠶᠢᠨ ᠨᠠᠰᠤᠨ ᠳᠤ ᠦᠯᠦ ᠬᠦᠷᠦᠭᠰᠡᠳ | ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡ ᠱᠠᠭᠠᠷᠳᠠᠭᠳᠠᠬᠤ ᠬᠦᠮᠦᠰ ᠲᠤ ᠠᠩᠬᠠᠷᠤᠯ ᠢᠶᠠᠨ ᠲᠦᠪᠯᠡᠷᠡᠭᠦᠯᠵᠦ᠂ | ᠬᠠᠯᠠ ᠲᠠᠮᠤ ᠠᠮᠰᠠᠭᠳᠠᠭᠰᠠᠨ᠂ ᠭᠤᠯᠣᠵᠤ ᠣᠷᠬᠢᠭᠳᠠᠭᠰᠠᠨ ᠡᠰᠡᠬᠦᠯ᠎ᠡ ᠭᠡᠷ ᠪᠦᠯᠢ ᠶᠢᠨ ᠬᠦᠴᠦᠷᠬᠡᠭᠯᠡᠯ ᠳᠤ | ᠤᠴᠠᠷᠠᠭᠰᠠᠨ ᠨᠠᠰᠤᠨ ᠳᠤ ᠦᠯᠦ ᠬᠦᠷᠦᠭᠰᠡᠳ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠳᠤ ᠠᠵᠤ | ᠠᠬᠤᠢ ᠶᠢᠨ ᠬᠦᠴᠢᠷᠳᠡᠯ ᠪᠠᠶᠢᠬᠤ ᠡᠰᠡᠬᠦ ᠪᠠᠷ ᠬᠢᠵᠠᠭᠠᠷᠯᠠᠭᠳᠠᠬᠤ ᠦᠭᠡᠢ᠃ ᠠᠮᠢᠳᠤᠷᠠᠯ ᠤᠨ ᠢᠷᠡᠯᠲᠡ ᠨᠢ | ᠲᠣᠭᠲᠠᠪᠤᠷᠢ ᠦᠭᠡᠢ ᠪᠠᠶᠢᠬᠤ ᠨᠠᠰᠤᠨ ᠳᠤ ᠥᠯᠥ ᠭᠦᠷᠦᠭᠰᠡᠳ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠪᠠᠯ | ᠠᠵᠤ ᠠᠬᠤᠶ ᠶᠢᠨ ᠬᠦᠴᠢᠷᠳᠡᠯ ᠤᠨ ᠪᠠᠶᠢᠳᠠᠯ ᠢ ᠨᠢ ᠬᠢᠨᠠᠨ ᠪᠠᠶᠢᠴᠠᠭᠠᠬᠤ ᠠᠴᠠ ᠬᠡᠯᠲᠦᠷᠢᠭᠦᠯᠦᠨ᠎ᠡ᠃ ᠬᠢᠩᠭᠠᠨ | ᠠᠶᠢᠮᠠᠭ ᠤᠨ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ | ︽ᠢᠲᠡᠭᠡᠮᠵᠢ ᠪᠠᠷ ᠭᠦᠢᠴᠡᠳᠬᠡᠬᠦ ᠳᠤ ᠳᠦᠭᠦᠮ + ᠬᠠᠤᠯᠢ ᠴᠠᠭᠠᠵᠠ ᠶᠢᠨ ᠲᠤᠰᠠᠯᠠᠮᠵᠢ︾ ᠶᠢᠨ ᠬᠡᠷᠡᠭᠯᠡᠭᠡᠨ ᠤ ᠠᠬᠤᠢ | ᠪᠠᠶᠢᠳᠠᠯ ᠢ ᠰᠦᠪᠡᠭᠴᠢᠯᠡᠨ ᠬᠡᠷᠡᠭᠵᠢᠭᠦᠯᠵᠦ᠂ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ᠂ ᠭᠤᠣᠯ ᠪᠣᠯᠬᠤ | ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠣᠯᠪᠠᠴᠤ | ᠪᠤᠰᠤᠳ ᠮᠠᠲ᠋ᠧᠷᠢᠶᠠᠯ ᠪᠤᠶᠤ ᠭᠠᠷᠳᠠᠮ ᠤᠨ ᠲᠠᠯ᠎ᠠ ᠪᠠᠷ ᠳᠤᠲᠠᠮᠠᠭ ᠪᠠᠶᠢᠬᠤ ᠬᠠᠤᠯᠢ ᠴᠠᠭᠠᠵᠠ ᠶᠢᠨ ᠲᠤᠰᠠᠯᠠᠮᠵᠢ ᠶᠢᠨ | ᠵᠦᠢᠯᠡᠰ ᠢ ᠲᠤᠬᠠᠢ ᠶᠢᠨ ᠬᠥᠮᠥᠨ ᠪᠤᠶᠤ ᠬᠠᠷᠠᠭᠠᠯᠵᠠᠨ ᠬᠠᠮᠠᠭᠠᠯᠠᠭᠴᠢ ᠠᠴᠠ ᠨᠥᠬᠦᠵᠦ ᠳᠡᠶᠢᠯᠬᠦ ᠠᠮᠠᠯᠠᠯᠲᠠ ᠬᠢᠭᠰᠡᠨ | ᠪᠠᠶᠢᠳᠠᠯ ᠳᠣᠣᠷ᠎ᠠ ᠲᠤᠰᠢᠶᠠᠬᠤ ᠮᠠᠲ᠋ᠧᠷᠢᠶᠠᠯ ᠨᠢ ᠲᠤᠲᠠᠭᠤ ᠪᠠᠶᠢᠭᠰᠠᠨ ᠴᠤ ᠬᠦᠯᠢᠶᠡᠨ ᠠᠪᠴᠤ ᠰᠢᠢᠳᠪᠦᠷᠢᠯᠡᠨ᠎ᠡ᠃ | ᠭᠤᠷᠪᠠ ᠳᠤ᠂ ᠰᠤᠷᠭᠠᠭᠤᠯᠢ ᠶᠢᠨ ᠬᠦᠷᠢᠶᠡᠨ ᠤ ᠬᠠᠤᠯᠢ ᠲᠦᠭᠡᠮᠡᠯᠵᠢᠭᠦᠯᠬᠦ ᠠᠵᠢᠯ ᠢ ᠴᠢᠩᠭᠠᠳᠬᠠᠨ᠎ᠠ᠃ | ᠡᠪᠦᠯ ᠤᠨ ᠪᠠ ᠵᠣᠨ ᠤ ᠠᠮᠠᠷᠠᠯᠲᠠ᠂ ᠬᠠᠪᠤᠷ ᠤᠨ ᠪᠠ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠵᠡᠷᠭᠡ ᠴᠠᠭ | ᠬᠤᠭᠤᠴᠠᠭᠠᠨ ᠤ ᠴᠢᠬᠤᠯᠠ ᠵᠠᠩᠭᠢᠯᠠᠭ᠎ᠠ ᠶᠢᠨ ᠴᠡᠭ ᠤᠳ ᠢ ᠠᠰᠢᠭᠯᠠᠨ᠂ ᠬᠠᠤᠯᠢ ᠴᠠᠭᠠᠵᠠ ᠶᠢᠨ ᠲᠤᠰᠠᠯᠠᠮᠵᠢ ᠶᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠲᠤᠰᠬᠠᠶ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ | ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ᠂ | ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ᠂ ᠮᠡᠬᠡᠯᠡᠯ ᠢ ᠡᠰᠡᠷᠭᠦᠴᠡᠬᠦ ᠮᠡᠬᠡᠯᠡᠨ ᠬᠤᠳᠠᠯᠳᠤᠬᠤ ᠶᠢ | ᠡᠰᠡᠷᠭᠦᠴᠡᠬᠦ ᠪᠠ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠵᠡᠷᠭᠡ ᠲᠠᠯ᠎ᠠ ᠶᠢᠨ | ᠬᠥᠮᠦᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠦᠨ᠎ᠡ᠃ ᠪᠠᠶᠠᠨᠨᠠᠭᠤᠷ ᠬᠤᠲᠠ ᠶᠢᠨ ᠡᠯ᠎ᠡ ᠱᠠᠲᠤᠨ ᠤ ᠬᠠᠤᠯᠢ | ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ | ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠲᠣ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠬᠠᠷᠢᠯᠴᠠᠨ ᠬᠥᠳᠡᠯᠦᠯᠴᠡᠵᠦ ᠪᠡᠶᠡᠴᠢᠯᠡᠨ ᠣᠶᠢᠯᠠᠭᠠᠬᠤ ᠪᠠᠷ | ᠳᠠᠮᠵᠢᠭᠤᠯᠤᠨ᠂ ︽ᠭᠦᠨ ᠰᠠᠭᠤᠭᠳᠠᠭᠤᠯᠬᠤ ᠮᠠᠶ᠋ᠢᠭ︾ ᠤᠨ ᠬᠠᠤᠯᠢ ᠲᠦᠭᠡᠮᠡᠯᠵᠢᠭᠦᠯᠬᠦ ᠪᠡᠶᠡᠴᠢᠯᠡᠨ ᠣᠶᠢᠯᠠᠭᠠᠬᠤ | ᠦᠢᠯᠡᠳᠦᠯᠭᠡ ᠬᠥᠮᠦᠵᠢᠯ ᠤᠨ ᠠᠵᠢᠯᠯᠠᠭ᠎ᠠ ᠶᠢ ᠰᠢᠨ᠎ᠡ ᠪᠠᠷ ᠡᠭᠦᠳᠦᠨ ᠥᠷᠨᠢᠭᠦᠯᠵᠦ᠂ ᠨᠠᠰᠤᠨ ᠳᠤ ᠥᠯᠥ | ᠭᠦᠷᠦᠭᠰᠡᠳ ᠢ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠭᠦᠨ ᠰᠠᠭᠤᠭᠳᠠᠯ ᠲᠠᠢ ᠪᠣᠯᠲᠠᠯ᠎ᠠ ᠨᠢ | ᠰᠤᠷᠤᠯᠴᠠᠭᠤᠯᠵᠤ᠂ ᠬᠠᠤᠯᠢᠵᠢᠯ ᠤᠨ ᠤᠬᠠᠮᠰᠠᠷ ᠪᠠ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠪᠡ᠃ ᠤᠯᠠᠭᠠᠨᠬᠠᠳᠠ | ᠬᠤᠲᠠ ᠶᠢᠨ ᠬᠢᠨ ︽ᠵᠠᠯᠠᠭᠤᠴᠤᠳ ᠪᠠᠭᠠᠴᠤᠳ ᠢ ᠬᠠᠤᠯᠢᠵᠢᠯ ᠢᠶᠠᠷ ᠰᠤᠷᠭᠠᠨ ᠬᠦᠮᠦᠵᠢᠭᠦᠯᠬᠦ ᠬᠥᠲᠥᠯᠪᠦᠷᠢ︾ ᠶᠢ | ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠢᠭᠠᠨ ᠰᠤᠷᠭᠠᠯᠲᠠ ᠶᠢᠨ ᠬᠢᠴᠢᠶᠡᠯ ᠢ ᠪᠥᠬᠦ ᠲᠠᠯ᠎ᠠ ᠪᠠᠷ ᠬᠡᠷᠡᠭᠵᠢᠭᠦᠯᠵᠦ᠂ | 573 ᠳᠤᠮᠳᠠᠳᠤ ᠪᠠᠭ᠎ᠠ ᠰᠤᠷᠭᠠᠭᠤᠯᠢ ᠳᠤ ᠬᠠᠤᠯᠢ ᠪᠠᠷ ᠵᠠᠰᠠᠬᠤ ᠳᠡᠳ᠋ ᠵᠠᠬᠢᠷᠤᠯ ᠳᠣᠬᠢᠷᠠᠭᠤᠯᠤᠭᠰᠠᠨ ᠨᠣᠷᠮ᠎ᠠ | 100% ᠳᠤ ᠬᠦᠷᠴᠦ᠂ ᠬᠠᠤᠯᠢ ᠪᠠᠷ ᠵᠠᠰᠠᠬᠤ ᠤᠨᠴᠠᠯᠢᠭᠳᠤ ᠰᠤᠷᠭᠠᠭᠤᠯᠢ ᠶᠢ ᠪᠤᠶᠢᠵᠢᠭᠤᠯᠤᠨ ᠪᠠᠶᠢᠭᠤᠯᠬᠤ ᠠᠵᠢᠯ ᠢ | ᠥᠷᠨᠢᠭᠦᠯᠦᠨ᠂ ᠵᠠᠯᠠᠭᠤᠴᠤᠳ ᠪᠠᠭᠠᠴᠤᠳ ᠲᠤ ᠬᠠᠤᠯᠢ ᠶᠢᠨ ᠤᠬᠠᠭᠠᠨ ᠢ ᠰᠤᠷᠤᠯᠴᠠᠬᠤ ᠲᠡᠮᠳᠡᠭᠯᠡᠯ ᠤᠨ ᠳᠡᠪᠲᠡᠷ ᠢ | ᠳᠠᠷᠤᠮᠠᠯᠯᠠᠨ ᠦᠢᠯᠡᠳᠦᠨ ᠥᠭᠴᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ ᠪᠥᠬᠦ | ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠳᠤ ︽ᠬᠥᠮᠦᠨ ᠤ | ᠠᠮᠢᠳᠤᠷᠠᠯ ᠤᠨ ᠠᠩᠬᠠᠨ ᠤ ᠬᠠᠤᠯᠢᠵᠢᠯ ᠤᠨ ᠬᠢᠴᠢᠶᠡᠯ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠪᠡ᠃ | ᠲᠦᠷᠪᠡ ᠳᠤ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠨᠠᠰᠤᠨ ᠳᠤ | ᠦᠯᠦ ᠬᠦᠷᠦᠭᠰᠡᠳ ᠤᠨ ᠪᠡᠶ᠎ᠡ ᠰᠡᠳᠬᠢᠴᠡ ᠶᠢᠨ ᠣᠨᠴᠠᠯᠢᠭ ᠢ ᠰᠠᠶᠢᠲᠤᠷ ᠣᠶᠢᠯᠠᠭᠠᠬᠤ ᠪᠠ ᠨᠠᠰᠤᠨ ᠳᠤ ᠦᠯᠦ | ᠬᠦᠷᠦᠭᠰᠡᠳ ᠤᠨ ᠬᠠᠤᠯᠢ ᠴᠠᠭᠠᠵᠠ ᠶᠢᠨ ᠲᠤᠬᠠᠶᠢᠯᠠᠭᠰᠠᠨ ᠠᠵᠢᠯ ᠳᠤ ᠴᠠᠭᠠᠷᠠᠭᠰᠠᠨ ᠬᠠᠤᠯᠢᠴᠢ ᠶᠢ ᠡᠩ ᠲᠡᠷᠢᠭᠦᠨ ᠳᠤ | ᠲᠣᠮᠢᠯᠠᠵᠤ ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ | ᠰᠢᠢᠳᠪᠦᠷᠢᠯᠡᠭᠦᠯᠵᠦ᠂ ᠡᠴᠦᠰ ᠲᠤ ᠨᠢ ᠲᠤᠯᠲᠠᠯ᠎ᠠ ᠲᠤᠰᠠᠯᠠᠬᠤ ᠶᠢ ᠬᠡᠷᠡᠭᠵᠢᠭᠦᠯᠪᠡ᠃ ᠬᠥᠬᠡᠬᠤᠲᠠ ᠶᠢᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ | ᠵᠥᠪᠯᠡᠯ ᠤᠨ ᠰᠠᠭᠤᠷᠢᠨ ᠳᠡᠭᠡᠷ᠎ᠡ᠂ ᠤᠯᠤᠰ ᠲᠥᠷᠥ ᠶᠢᠨ ᠤᠬᠠᠮᠰᠠᠷ ᠢᠶᠠᠷ ᠴᠢᠩᠭ᠎ᠠ᠂ ᠲᠤᠬᠠᠶᠢᠯᠠᠭᠰᠠᠨ ᠠᠵᠢᠯ ᠤᠨ | ᠴᠢᠳᠠᠪᠤᠷᠢ ᠪᠠᠷ ᠰᠠᠶᠢᠨ᠂ ᠬᠠᠶᠢᠷ᠎ᠠ ᠬᠠᠯᠠᠮᠵᠢ ᠲᠠᠢ᠂ ᠪᠤᠰᠤᠳ ᠲᠤ ᠲᠤᠰᠠᠴᠢ 50 ᠬᠠᠤᠯᠢᠴᠢ ᠶᠢ ᠣᠷᠣᠭᠤᠯᠵᠤ | ᠠᠪᠴᠢᠷᠠᠨ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢᠴᠢᠳ ᠤᠨ | ᠬᠥᠮᠥᠷᠭᠡ ᠶᠢ ᠵᠣᠬᠢᠶᠠᠨ ᠪᠠᠶᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠤᠬᠡᠳ᠂ ᠬᠡᠷ ᠲᠤ ᠪᠠᠨ ᠦᠯᠡᠳᠡᠵᠦ | ᠬᠤᠴᠣᠷᠤᠭᠰᠠᠨ ᠬᠡᠤᠬᠡᠳ᠂ ᠵᠡᠮᠳᠡᠭ ᠬᠡᠤᠬᠡᠳ ᠲᠤ ᠪᠣᠯᠵᠣᠬᠤ ᠦᠢᠯᠡᠴᠢᠯᠡᠭᠡ᠂ ᠬᠡᠷ ᠲᠤ ᠨᠢ ᠬᠦᠷᠴᠦ ᠦᠢᠯᠡᠴᠢᠯᠡᠬᠦ | ᠦᠢᠯᠡᠴᠢᠯᠡᠭᠡ ᠶᠢ ᠣᠨᠣᠴᠠᠲᠠᠶ ᠪᠠᠷ ᠬᠠᠩᠭᠠᠪᠠ᠃ | ᠲᠠᠪᠤ ᠳᠤ᠂ ᠣᠨᠴᠠᠯᠢᠭᠲᠤ ᠨᠡᠷᠡᠲᠦ ᠲᠡᠮᠳᠡᠭ ᠢ ᠡᠭᠦᠳᠪᠡ᠃ ᠥᠪᠥᠷ ᠮᠣᠩᠭᠤᠯ ᠤᠨ ︽12348︾ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠨᠢ ᠨᠠᠰᠤᠨ ᠳᠤ ᠥᠯᠥ ᠭᠦᠷᠦᠭᠰᠡᠳ ᠲᠤ | 7 × 24 ᠴᠠᠭ ᠤᠨ ᠪᠥᠬᠦ ᠵᠢᠯ ᠢᠶᠠᠷ ᠠᠮᠠᠷᠠᠯᠲᠠ ᠥᠬᠡᠶ ᠪᠠᠷ ᠦᠢᠯᠡᠴᠢᠯᠡᠬᠦ ᠬᠠᠤᠯᠢ ᠴᠠᠭᠠᠵᠠ ᠶᠢᠨ ᠵᠥᠪᠯᠡᠯᠭᠡ | ᠥᠭᠬᠦ ᠦᠢᠯᠡᠴᠢᠯᠡᠭᠡ ᠪᠠ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡ ᠶᠢ ᠰᠦᠢᠳᠬᠡᠯ ᠬᠤᠷᠢᠶᠠᠬᠤ | ᠥᠬᠡᠶ ᠪᠠᠷ ᠬᠠᠩᠭᠠᠵᠤ ᠪᠣᠢ᠃ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ | ᠭᠤᠶᠤᠴᠢᠯᠠᠭᠰᠠᠳ ᠲᠤ ᠦᠢᠯᠡᠴᠢᠯᠡᠬᠦ ᠬᠠᠯᠠᠮᠰᠢᠯ ᠤᠲᠠᠰᠤ ᠲᠣᠰᠬᠤ ᠲᠤᠰᠬᠠᠶ ᠬᠦᠮᠦᠨ ᠲᠠᠭᠠᠷᠠᠭᠤᠯᠵᠤ᠂ ᠨᠠᠰᠤᠨ ᠳᠤ | ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠰᠠᠭᠤᠨ ᠯᠠᠪᠯᠠᠯᠲᠠ ᠶᠢ ᠲᠤᠰᠬᠠᠶᠢᠯᠠᠨ | ᠭᠥᠯᠢᠶᠡᠨ ᠠᠪᠴᠤ ᠰᠤᠨᠤᠰᠤᠨ᠂ ᠨᠠᠰᠤᠨ ᠳᠤ ᠥᠯᠥ ᠭᠦᠷᠦᠭᠰᠡᠳ ᠤᠨ ᠤᠲᠠᠰᠤ ᠢᠷᠡᠭᠦᠯᠦᠭᠰᠡᠨ ᠠᠰᠠᠭᠤᠨ | ᠯᠠᠪᠯᠠᠯᠲᠠ ᠶᠢᠨ ᠠᠭᠤᠯᠭ᠎ᠠ ᠶᠢ ᠴᠠᠭ ᠲᠤᠬᠠᠶ ᠳᠤ ᠨᠢ ᠵᠠᠳᠠᠯᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠦᠯᠦᠯᠲᠡ ᠶᠢᠨ | ᠲᠣᠭᠲᠠᠴᠠ ᠶᠢ ᠬᠡᠷᠡᠭᠵᠢᠭᠦᠯᠪᠡ᠃ ︽110︾ ᠳᠣᠲᠣᠭᠠᠳᠤ ᠶᠢ ᠬᠠᠮᠠᠭᠠᠯᠠᠬᠤ ᠲᠦᠭᠰᠢᠭᠦᠷᠢ ᠮᠡᠳᠡᠭᠦᠯᠬᠦ ᠤᠲᠠᠰᠤ᠂ | ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ᠂ | ︽12355︾ ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ ᠲᠠᠪᠴᠠᠩ ᠵᠡᠷᠭᠡ ᠰᠠᠯᠠᠭ᠎ᠠ ᠮᠥᠴᠢᠷ ᠤᠳ ᠤᠨ | ᠬᠠᠯᠠᠮᠰᠢᠯ ᠤᠲᠠᠰᠤ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ | ᠨᠠᠰᠤᠨ ᠳᠤ ᠥᠯᠥ ᠭᠦᠷᠦᠭᠰᠡᠳ ᠲᠤ ︽ᠡᠷᠢᠵᠦ ᠣᠯᠳᠠᠬᠤ᠂ ᠰᠠᠶᠢᠲᠤᠷ ᠬᠡᠷᠡᠭᠯᠡᠭᠳᠡᠬᠦ᠂ ᠭᠦᠢᠴᠡᠳᠬᠡᠵᠦ ᠥᠭᠴᠦ | ᠳᠡᠶᠢᠯᠬᠦ︾ ᠨᠢᠭᠡ ᠥᠷᠲᠡᠭᠡᠴᠢᠯᠡᠭᠰᠡᠨ ᠮᠠᠶ᠋ᠢᠭ ᠤᠨ ᠬᠠᠤᠯᠢ ᠴᠠᠭᠠᠵᠠ ᠶᠢᠨ ᠠᠰᠠᠭᠤᠨ ᠯᠠᠪᠯᠠᠬᠤ ᠦᠢᠯᠡᠴᠢᠯᠡᠭᠡ | ᠬᠦᠷᠲᠡᠭᠡᠬᠦ ᠶᠢ ᠦᠨᠡᠨ ᠬᠦ ᠪᠠᠲᠤᠯᠠᠵᠤ ᠪᠣᠢ᠃ | | |