2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠡᠷᠢᠭᠦᠯᠡᠭᠴᠢ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠶᠤᠲᠠᠨ ᠤ ᠬᠤᠯᠪᠣᠭᠠᠲᠤ ᠤᠷᠤᠯᠳᠤᠭᠠᠨ ︵ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ︶ ᠥᠨᠳᠦᠷᠯᠡᠪᠡ
ᠨᠡᠶᠢᠲᠡᠯᠡᠭᠰᠡᠨ ᠴᠠᠭ᠄
2025/6/3
      5 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠬᠡᠷᠡᠭᠵᠢᠭᠦᠯᠵᠦ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠭᠰᠡᠨ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠡᠷᠢᠭᠦᠯᠡᠭᠴᠢ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠶᠤᠲᠠᠳ ᠤᠨ ᠬᠤᠯᠪᠣᠭᠠᠲᠤ ᠤᠷᠤᠯᠳᠤᠭᠠᠨ ︵ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ︶ ᠡᠬᠢᠯᠡᠪᠡ᠃ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ︽ᠲᠡᠷᠢᠭᠦᠯᠡᠭᠴᠢ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠢᠷᠢᠰ ᠤᠷᠤᠯᠳᠤᠭᠠᠨ ᠤ ᠬᠥᠰᠢᠭᠡ  ᠶᠢ ᠨᠡᠭᠡᠭᠡᠭᠰᠡᠨ ᠤᠷᠤᠯᠳᠤᠭᠠᠨ ᠪᠣᠯᠤᠭᠰᠠᠨ ᠤ ᠬᠤᠪᠢ ᠳᠤ᠂ ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠠᠩᠬᠠᠷᠤᠯ ᠢ ᠥᠷᠭᠡᠨ ᠢᠶᠠᠷ ᠲᠠᠲᠠᠪᠠ᠃

1.png

      ᠡᠨᠡ ᠤᠳᠠᠭᠠᠨ ᠤ ᠤᠷᠤᠯᠳᠤᠭᠠᠨ ᠳᠤ ᠪᠦᠬᠦ ᠣᠷᠣᠨ ᠤ 16 ᠵᠢᠩᠬᠢᠨᠢ ᠠᠩᠭᠢᠲᠤ ᠶᠡᠭᠡ ᠳᠡᠭᠡᠳᠦ

ᠰᠤᠷᠭᠠᠭᠤᠯᠢ ᠶᠢᠨ 14 ᠡᠷᠡᠭᠲᠡᠢ ᠶᠢᠨ ᠲᠥᠯᠥᠭᠡᠯᠡᠭᠴᠢᠳ ᠤᠨ ᠠᠩᠭᠢ᠂ 11 ᠡᠮᠡᠭᠲᠡᠢ ᠶᠢᠨ ᠲᠥᠯᠥᠭᠡᠯᠡᠭᠴᠢᠳ ᠤᠨ

ᠠᠩᠭᠢ ᠶᠢᠨ 600 ᠭᠠᠷᠤᠢ ᠣᠶᠤᠲᠠᠨ ᠲᠠᠮᠢᠷᠴᠢᠨ ᠣᠷᠣᠯᠴᠠᠵᠠᠢ᠃ 7 ᠡᠳᠦᠷ ᠤᠨ ᠤᠷᠤᠯᠳᠤᠭᠠᠨ ᠢᠶᠠᠷ  ᠳᠠᠮᠵᠢᠨ᠂

ᠲᠠᠮᠢᠷᠴᠢᠳ ᠤᠷᠤᠯᠳᠤᠭᠠᠨ ᠤ ᠲᠠᠯᠠᠪᠠᠢ ᠳᠤ ᠬᠦᠴᠦᠯᠡᠨ ᠮᠥᠷᠦᠶᠢᠴᠡᠵᠦ᠂ ᠪᠦᠯᠬᠦᠮᠳᠡᠨ ᠬᠠᠮᠵᠢᠯᠴᠠᠵᠤ᠂ ᠴᠤᠭ

ᠪᠠᠳᠠᠷᠠᠩᠭᠤᠢ ᠲᠡᠮᠡᠴᠡᠯ ᠤᠨ ᠵᠣᠷᠢᠭ᠂ ᠭᠤᠶᠢᠳᠠ ᠰᠠᠶᠢᠬᠠᠨ ᠪᠥᠮᠪᠥᠭᠡᠨ ᠮᠡᠷᠭᠡᠵᠢᠯ ᠪᠣᠯᠤᠨ ᠡᠰᠡᠷᠭᠦ ᠡᠲᠡᠭᠡᠳ ᠢᠶᠠᠨ

ᠬᠦᠨᠳᠦᠳᠬᠡᠵᠦ᠂ ᠬᠢᠨᠠᠨ ᠲᠠᠰᠤᠯᠤᠯᠲᠠ ᠶᠢ ᠬᠦᠨᠳᠦᠳᠬᠡᠬᠦ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠᠷ ᠬᠤᠷᠴᠠ

ᠰᠢᠷᠦᠭᠦᠨ᠂ ᠭᠤᠶᠢᠳᠠ ᠰᠠᠶᠢᠬᠠᠨ ᠬᠥᠯ ᠪᠥᠮᠪᠦᠭᠡ ᠶᠢᠨ ᠦᠪᠡᠳᠡᠭᠰᠢ ᠴᠤᠭᠯᠠᠭᠠᠨ ᠢ ᠬᠥᠮᠦᠰ ᠲᠤ ᠬᠠᠷᠠᠭᠤᠯᠪᠠ᠃

2.jpg

3.jpg

4.jpg

      ᠪᠠᠭ᠎ᠠ ᠳᠤᠭᠤᠶᠢᠯᠠᠩ ᠤᠨ ᠤᠷᠤᠯᠳᠤᠭᠠᠨ ᠪᠠ ᠰᠢᠭᠰᠢᠭᠳᠡᠯ ᠤᠷᠤᠯᠳᠤᠭᠠᠨ ᠤ ᠬᠤᠷᠴᠠ ᠰᠢᠷᠦᠭᠦᠨ

ᠮᠥᠷᠦᠶᠢᠴᠡᠭᠡᠨ ᠢᠶᠠᠷ ᠳᠠᠮᠵᠢᠨ᠂ ᠡᠴᠦᠰ ᠲᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠠ

ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠲᠤᠰ ᠲᠤᠰ ᠡᠷᠡᠭᠲᠡᠢ ᠶᠢᠨ ᠳᠤᠭᠤᠶᠢᠯᠠᠩ ᠪᠠ ᠡᠮᠡᠭᠲᠡᠢ ᠶᠢᠨ

ᠳᠤᠭᠤᠶᠢᠯᠠᠩ ᠤᠨ ᠮᠠᠩᠯᠠᠢ ᠳᠤ ᠲᠣᠳᠣᠷᠠᠪᠠ︔ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ

ᠡᠷᠡᠭᠲᠡᠢ᠂ ᠡᠮᠡᠭᠲᠡᠢ ᠶᠢᠨ ᠳᠤᠭᠤᠶᠢᠯᠠᠩ ᠳᠤ ᠳᠡᠳ᠋ᠯᠡᠵᠦ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ

ᠰᠤᠷᠭᠠᠭᠤᠯᠢ ᠪᠠ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠲᠤᠰ ᠲᠤᠰ ᠡᠷᠡᠭᠲᠡᠢ ᠶᠢᠨ

ᠳᠤᠭᠤᠶᠢᠯᠠᠩ ᠪᠠ ᠡᠮᠡᠭᠲᠡᠢ ᠶᠢᠨ ᠳᠤᠭᠤᠶᠢᠯᠠᠩ ᠤᠨ ᠭᠤᠲᠠᠭᠠᠷ ᠲᠤ ᠣᠷᠣᠪᠠ᠃

   

5.jpg

6.jpg

7.jpg

8.jpg

      ᠤᠷᠤᠯᠳᠤᠭᠠᠨ ᠤ ᠡᠷᠬᠡ ᠲᠡᠭᠰᠢ ᠲᠥᠪ ᠭᠤᠣᠯᠴᠢ᠂ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ

ᠪᠠᠲᠤᠯᠠᠬᠤ ᠶᠢᠨ ᠲᠥᠯᠥᠭᠡ᠂ ᠤᠷᠤᠯᠳᠤᠭᠠᠨ ᠢ ᠵᠣᠬᠢᠶᠠᠨ ᠪᠠᠶᠢᠭᠤᠯᠬᠤ ᠺᠣᠮᠢᠰ ᠤᠷᠤᠯᠳᠤᠭᠠᠨ ᠠᠴᠠ ᠡᠮᠦᠨ᠎ᠡ

ᠳᠠᠭᠠᠭᠤᠯᠤᠭᠴᠢ᠂ ᠰᠤᠷᠭᠠᠭᠴᠢ᠂ ᠬᠢᠨᠠᠭᠴᠢ ᠶᠢᠨ ᠬᠠᠮᠲᠤᠷᠠᠭᠰᠠᠨ ᠬᠤᠷᠠᠯ ᠵᠢᠴᠢ ᠳᠠᠭᠠᠭᠤᠯᠤᠭᠴᠢ᠂ ᠰᠤᠷᠭᠠᠭᠴᠢ᠂

ᠲᠠᠮᠢᠷᠴᠢᠳ ᠤᠨ ᠤᠷᠤᠯᠳᠤᠭᠠᠨ  ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ ᠶᠢ ᠰᠠᠬᠢᠬᠤ ᠲᠤᠰᠬᠠᠢ ᠰᠡᠳᠦᠪᠲᠦ

ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠤᠷᠤᠯᠳᠤᠭᠠᠨ ᠤ ᠰᠠᠬᠢᠯᠭ᠎ᠠ ᠪᠠᠲᠤ ᠶᠢ ᠵᠢᠷᠤᠮᠯᠠᠬᠤ᠂ ᠪᠡᠶ᠎ᠡ ᠶᠢᠨ

ᠲᠠᠮᠢᠷ ᠤᠨ ᠶᠣᠰᠣ ᠮᠣᠷᠠᠯ ᠢ ᠵᠢᠷᠤᠮᠯᠠᠬᠤ᠂ ᠤᠷᠤᠯᠳᠤᠭᠠᠨ ᠤ ᠲᠠᠯᠠᠪᠤᠷ ᠤᠨ ᠡᠮᠬᠢ ᠵᠢᠷᠤᠮ ᠢ ᠬᠠᠮᠠᠭᠠᠯᠠᠬᠤ ᠶᠢᠨ

ᠴᠢᠬᠤᠯᠠ ᠴᠢᠨᠠᠷ ᠢ ᠭᠤᠣᠯᠳᠠᠯᠭ᠎ᠠ ᠲᠠᠢ ᠴᠢᠬᠤᠯᠠᠴᠢᠯᠠᠵᠤ᠂ ᠪᠦᠬᠦ ᠲᠠᠮᠢᠷᠴᠢᠨ᠂ ᠰᠤᠷᠭᠠᠭᠴᠢ᠂ ᠬᠢᠨᠠᠭᠴᠢ ᠵᠢᠴᠢ

ᠠᠵᠢᠯᠲᠠᠳ ᠢ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠶᠣᠰᠣ

ᠮᠣᠷᠠᠯ ᠤᠨ ᠠᠯᠲᠠᠨ ᠮᠧᠳᠠᠯ᠂ ᠬᠡᠪ ᠨᠠᠮᠪᠠ ᠶᠢᠨ ᠠᠯᠲᠠᠨ ᠮᠧᠳᠠᠯ᠂ ᠴᠡᠪᠡᠷ ᠠᠯᠲᠠᠨ ᠮᠧᠳᠠᠯ︾ ᠤᠨ ᠣᠶᠢᠯᠠᠭᠠᠭᠳᠠᠬᠤᠨ ᠢ

ᠢᠮᠠᠭᠲᠠ ᠲᠤᠭᠤᠰᠢᠯᠠᠭᠤᠯᠵᠤ᠂ ᠤᠷᠤᠯᠳᠤᠭᠠᠨ ᠢ ᠲᠡᠭᠦᠰ ᠠᠮᠵᠢᠯᠲᠠ ᠲᠠᠢ ᠡᠷᠬᠢᠯᠡᠬᠦ ᠳᠤ ᠪᠠᠲᠤ ᠪᠠᠬᠢ ᠰᠠᠭᠤᠷᠢ

ᠲᠠᠯᠪᠢᠬᠤ ᠬᠡᠷᠡᠭᠲᠡᠢ ᠭᠡᠵᠦ ᠱᠠᠭᠠᠷᠳᠠᠪᠠ᠃

      ᠡᠨᠡ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠮᠠᠨ ᠤ ᠣᠷᠣᠨ ᠤ ᠰᠤᠷᠭᠠᠭᠤᠯᠢ ᠶᠢᠨ

ᠬᠦᠷᠢᠶᠡᠨ ᠤ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢ ᠭᠦᠨᠵᠡᠭᠡᠶᠢᠷᠡᠭᠦᠯᠬᠦ ᠠᠮᠢᠳᠤᠯᠢᠭ

ᠦᠢᠯᠡᠳᠦᠯᠭᠡ᠂ ᠰᠤᠷᠤᠭᠴᠢᠳ ᠤᠨ ᠬᠥᠯ ᠪᠥᠮᠪᠦᠭᠡ ᠶᠢᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ

ᠬᠥᠭᠵᠢᠭᠡᠭᠰᠡᠨ ᠢᠶᠠᠷ ᠪᠠᠷᠠᠬᠤ ᠦᠭᠡᠢ᠂ ᠨᠡᠩ ᠴᠤ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂

ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠴᠠᠭ ᠦᠶ᠎ᠡ ᠶᠢᠨ ᠰᠢᠨ᠎ᠡ ᠬᠥᠮᠦᠨ ᠢ

ᠬᠥᠮᠦᠵᠢᠭᠦᠯᠵᠦ᠂ ᠨᠠᠷᠠᠨ ᠭᠡᠷᠡᠯᠲᠦ ᠡᠷᠡᠭᠦᠯ ᠰᠠᠷᠠᠭᠤᠯ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ

ᠰᠣᠶᠣᠯ ᠤᠨ ᠠᠭᠤᠷ ᠠᠮᠢᠰᠬᠤᠯ ᠢ ᠪᠣᠢ ᠪᠣᠯᠭᠠᠬᠤ ᠳᠤ ᠢᠳᠡᠪᠬᠢᠲᠡᠢ ᠳᠠᠭᠤᠷᠢᠶᠠᠯ ᠦᠵᠡᠭᠦᠯᠬᠦ ᠦᠢᠯᠡᠳᠦᠯ

ᠦᠵᠡᠭᠦᠯᠦᠭᠰᠡᠨ ᠪᠠᠶᠢᠨ᠎ᠠ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号