2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠠᠯᠠᠭᠠᠳᠠᠬᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/6/3
      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠬᠡᠷᠡᠭᠵᠢᠭᠦᠯᠵᠦ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠠᠭᠠᠭᠠᠴᠢᠯᠠᠨ ᠡᠷᠬᠢᠯᠡᠵᠦ᠂ ᠪᠤᠭᠤᠲᠤ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠬᠠᠮᠵᠢᠯᠴᠠᠨ ᠡᠷᠬᠢᠯᠡᠭᠰᠡᠨ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠠᠯᠠᠭᠠᠳᠠᠬᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠢ 5 ᠰᠠᠷ᠎ᠠ ᠶᠢᠨ 29 ᠤ ᠡᠳᠦᠷ ᠪᠤᠭᠤᠲᠤ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠧᠨ ᠱᠧᠩ ᠠᠯᠠᠭᠠᠳᠠᠬᠤ ᠪᠥᠮᠪᠦᠭᠡ ᠶᠢᠨ ᠣᠷᠳᠣᠨ ᠳᠤ ᠶᠠᠪᠤᠭᠳᠠᠭᠤᠯᠪᠠ᠃

1.png

      ᠡᠨᠡ ᠤᠳᠠᠭᠠᠨ ᠤ ᠤᠷᠤᠯᠳᠤᠭᠠᠨ ᠳᠤ ᠪᠦᠬᠦ ᠣᠷᠣᠨ ᠤ ᠡᠯ᠎ᠡ ᠭᠠᠵᠠᠷ ᠠᠴᠠ ᠢᠷᠡᠭᠰᠡᠨ 42

ᠳᠤᠭᠤᠶᠢᠯᠠᠩ ᠤᠨ 527 ᠳᠤᠮᠳᠠᠳᠤ ᠰᠤᠷᠭᠠᠭᠤᠯᠢ ᠶᠢᠨ ᠰᠤᠷᠤᠭᠴᠢ ᠲᠠᠮᠢᠷᠴᠢᠨ ᠣᠷᠣᠯᠴᠠᠵᠠᠢ᠂          

ᠡᠭᠦᠨ ᠳᠤ᠄ ᠡᠷᠡᠭᠲᠡᠢ ᠶᠢᠨ ᠬᠥᠬᠡ ᠳᠤᠭᠤᠶᠢᠯᠠᠩ ︵ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ          

ᠳᠤᠭᠤᠶᠢᠯᠠᠩ︶ 15᠂ ᠡᠮᠡᠭᠲᠡᠢ ᠶᠢᠨ ᠬᠥᠬᠡ ᠳᠤᠭᠤᠶᠢᠯᠠᠩ ︵ᠳᠡᠭᠡᠳᠦ ᠵᠡᠷᠭᠡ  ᠶᠢᠨ ᠳᠤᠮᠳᠠᠳᠤ ᠰᠤᠷᠭᠠᠭᠤᠯᠢ ᠶᠢᠨ

ᠳᠤᠭᠤᠶᠢᠯᠠᠩ︶᠂ ᠡᠷᠡᠭᠲᠡᠢ ᠶᠢᠨ ᠬᠥᠬᠡᠭᠴᠢᠨ ᠳᠤᠭᠤᠶᠢᠯᠠᠩ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠳᠤᠭᠤᠶᠢᠯᠠᠩ︶᠂ ᠡᠮᠡᠭᠲᠡᠢ ᠶᠢᠨ ᠬᠥᠬᠡᠭᠴᠢᠨ ᠳᠤᠭᠤᠶᠢᠯᠠᠩ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠳᠤᠭᠤᠶᠢᠯᠠᠩ︶ ᠤᠨ ᠡᠯ᠎ᠡ 9 ᠲᠥᠯᠥᠭᠡᠯᠡᠭᠴᠢᠳ ᠤᠨ ᠠᠩᠭᠢ ᠲᠤᠰ ᠲᠤᠰ ᠤᠷᠤᠯᠳᠤᠭᠠᠨ ᠳᠤ ᠣᠷᠣᠯᠴᠠᠵᠤ᠂

ᠣᠶᠢᠷ᠎ᠠ ᠶᠢᠨ ᠵᠢᠯ᠂ ᠮᠠᠨ ᠤ ᠣᠷᠣᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠠᠯᠠᠭᠠᠳᠠᠬᠤ ᠪᠥᠮᠪᠦᠭᠡ ᠶᠢᠨ

ᠤᠷᠤᠯᠳᠤᠭᠠᠨ ᠤ ᠬᠡᠪᠴᠢᠶ᠎ᠡ ᠪᠠᠷ ᠬᠠᠮᠤᠭ ᠤᠨ ᠶᠡᠭᠡ᠂ ᠣᠷᠣᠯᠴᠠᠭᠰᠠᠨ ᠬᠡᠪᠴᠢᠶ᠎ᠡ ᠪᠠᠷ ᠬᠠᠮᠤᠭ ᠤᠨ ᠥᠷᠭᠡᠨ ᠨᠢᠭᠡ

ᠤᠳᠠᠭᠠᠨ ᠤ ᠦᠪᠡᠳᠡᠭᠰᠢ ᠴᠤᠭᠯᠠᠭᠠᠨ ᠪᠣᠯᠵᠠᠢ᠃

      ᠤᠷᠤᠯᠳᠤᠭᠠᠨ ᠠᠴᠠ ᠡᠮᠦᠨ᠎ᠡ᠂ ᠵᠣᠬᠢᠶᠠᠨ ᠪᠠᠶᠢᠭᠤᠯᠬᠤ ᠺᠣᠮᠢᠰ ᠠᠴᠠ ᠳᠠᠭᠠᠭᠤᠯᠤᠭᠴᠢ᠂ ᠰᠤᠷᠭᠠᠭᠴᠢ᠂

ᠬᠢᠨᠠᠭᠴᠢ ᠶᠢᠨ ᠬᠠᠮᠲᠤᠷᠠᠭᠰᠠᠨ ᠬᠤᠷᠠᠯ ᠪᠣᠯᠤᠨ ᠳᠠᠭᠠᠭᠤᠯᠤᠭᠴᠢ᠂ ᠰᠤᠷᠭᠠᠭᠴᠢ᠂ ᠲᠠᠮᠢᠷᠴᠢᠳ ᠤᠨ ᠤᠷᠤᠯᠳᠤᠭᠠᠨ ᠤ

ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ ᠶᠢᠨ ᠲᠤᠬᠠᠢ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ

ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠨ᠂ ᠦᠵᠡᠯ

ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠶᠢ ᠭᠤᠣᠯᠳᠠᠯᠭ᠎ᠠ ᠲᠠᠢ ᠴᠢᠬᠤᠯᠠᠴᠢᠯᠠᠪᠠ᠃ ᠬᠤᠶᠠᠷ

ᠤᠳᠠᠭᠠᠨ ᠤ ᠬᠤᠷᠠᠯ ᠬᠠᠷᠢᠯᠴᠠᠨ ᠠᠪᠴᠠᠯᠳᠤᠵᠤ᠂ ︽ᠣᠷᠣᠯᠳᠤᠭᠠᠨ ᠳᠤ ᠮᠡᠷᠭᠡᠵᠢᠯ ᠠᠴᠠ ᠣᠪᠣᠷ ᠰᠤᠷᠲᠠᠯ ᠡᠷᠬᠢᠮ᠂

ᠤᠷᠤᠯᠳᠤᠭᠠᠨ ᠳᠤ ᠬᠢᠷᠢ ᠲᠦᠪᠰᠢᠨ ᠠᠴᠠ ᠵᠠᠩ ᠴᠢᠨᠠᠷ ᠡᠷᠬᠢᠮ︾ ᠭᠡᠬᠦ ᠱᠠᠭᠠᠷᠳᠠᠯᠭ᠎ᠠ ᠶᠢ ᠦᠨᠡᠨ ᠬᠦ

ᠪᠣᠳᠠᠲᠠᠶᠢᠵᠢᠭᠤᠯᠤᠨ ᠨᠠᠶᠢᠳᠠᠪᠤᠷᠢᠵᠢᠭᠤᠯᠪᠠ᠃

2.jpg

3.jpg

      7 ᠡᠳᠦᠷ ᠤᠨ ᠬᠤᠷᠴᠠ ᠰᠢᠷᠦᠭᠦᠨ ᠮᠥᠷᠥᠶᠢᠴᠡᠭᠡᠨ ᠤ ᠳᠠᠷᠠᠭ᠎ᠠ᠂ ᠡᠯ᠎ᠡ ᠳᠤᠭᠤᠶᠢᠯᠠᠩ ᠤᠨ ᠮᠠᠩᠯᠠᠢ

ᠲᠣᠳᠤᠷᠠᠪᠠ᠄ ᠡᠷᠡᠭᠲᠡᠢ ᠶᠢᠨ ᠬᠥᠬᠡ ᠳᠤᠭᠤᠶᠢᠯᠠᠩ ︵ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ          

ᠳᠤᠭᠤᠶᠢᠯᠠᠩ︶ ᠤᠨ ᠮᠠᠩᠯᠠᠢ ᠳᠤ ᠣᠷᠳᠣᠰ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠲᠣᠳᠤᠷᠠᠵᠤ᠂

ᠡᠷᠡᠭᠲᠡᠢ ᠶᠢᠨ ᠬᠥᠬᠡᠭᠴᠢᠨ ᠳᠤᠭᠤᠶᠢᠯᠠᠩ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ︶ ᠤᠨ

ᠮᠠᠩᠯᠠᠢ ᠳᠤ ᠬᠥᠬᠡᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ᠲᠣᠳᠤᠷᠠᠪᠠ︔ ᠠᠩᠬᠠᠷᠤᠭᠤᠰᠢᠲᠠᠢ ᠨᠢ᠂

ᠡᠮᠡᠭᠲᠡᠢ ᠶᠢᠨ ᠬᠥᠬᠡ ᠳᠤᠭᠤᠶᠢᠯᠠᠩ ︵ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ︶ ᠪᠣᠯᠤᠨ

ᠡᠮᠡᠭᠲᠡᠢ ᠶᠢᠨ ᠬᠥᠬᠡᠭᠴᠢᠨ ᠳᠤᠭᠤᠶᠢᠯᠠᠩ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ  ᠶᠢᠨ ᠳᠤᠭᠤᠶᠢᠯᠠᠩ︶ ᠤᠨ

ᠮᠠᠩᠯᠠᠢ ᠳᠤ ᠴᠥᠮ ᠪᠤᠭᠤᠲᠤ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠲᠣᠳᠤᠷᠠᠨ᠂ ᠤᠷᠤᠯᠳᠤᠭᠠᠨ ᠤ

ᠮᠡᠷᠭᠡᠵᠢᠯ ᠪᠣᠯᠤᠨ ᠪᠣᠳᠠᠲᠤ ᠬᠦᠴᠦᠨ ᠢ ᠢᠯᠡᠷᠡᠭᠦᠯᠪᠡ᠃ ᠡᠭᠦᠨ ᠠᠴᠠ ᠡᠮᠦᠨ᠎ᠡ᠂ ᠪᠣᠭᠤᠲᠤ ᠶᠢᠨ ᠨᠢᠭᠡᠳᠦᠭᠡᠷ ᠳᠤᠮᠳᠠᠳᠤ

ᠰᠤᠷᠭᠠᠭᠤᠯᠢ ᠶᠢᠨ ᠡᠮᠡᠭᠲᠡᠢ ᠶᠢᠨ ᠠᠯᠠᠭᠠᠳᠠᠬᠤ ᠪᠥᠮᠪᠦᠭᠡ ᠶᠢᠨ ᠠᠩᠭᠢ ᠠᠷᠪᠠᠨ ᠲᠠᠪᠤᠳᠤᠭᠠᠷ ᠬᠤᠭᠤᠴᠠᠭᠠᠨ ᠤ ᠪᠦᠬᠦ

ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠯᠠᠭᠠᠳᠠᠬᠤ ᠪᠥᠮᠪᠦᠭᠡ ᠶᠢᠨ ᠬᠢᠷᠢ ᠭᠡᠮ ᠤᠨ ᠤᠷᠤᠯᠳᠤᠭᠠᠨ ᠳᠤ

ᠬᠤᠣᠰ ᠢᠶᠠᠷ U20 ᠵᠢᠴᠢ U18 ᠳᠤᠭᠤᠶᠢᠯᠠᠩ ᠤᠨ ᠰᠢᠢᠳᠪᠦᠷᠢᠲᠦ ᠤᠷᠤᠯᠳᠤᠭᠠᠨ  ᠤ ᠱᠠᠲᠤᠨ ᠳᠤ ᠳᠠᠪᠰᠢᠨ

ᠣᠷᠣᠵᠤ᠂ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠣᠯᠪᠠ︔ ᠡᠭᠦᠨ ᠤ ᠬᠠᠮᠲᠤ᠂ 2025 ᠣᠨ ᠤ ᠳᠤᠮᠳᠠᠳᠤ

ᠤᠯᠤᠰ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠠᠯᠠᠭᠠᠳᠠᠬᠤ ᠪᠥᠮᠪᠦᠭᠡ ᠶᠢᠨ ᠬᠤᠯᠪᠣᠭᠠᠲᠤ

ᠤᠷᠤᠯᠳᠤᠭᠠᠨ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ︶ ᠳᠤ ᠪᠦᠬᠦ ᠤᠯᠤᠰ ᠲᠤ ᠳᠡᠳ᠋ᠯᠡᠪᠡ᠃

       

4.jpg

5.jpg

6.jpg

      ᠡᠨᠡ ᠤᠳᠠᠭᠠᠨ ᠤ ᠠᠯᠠᠭᠠᠳᠠᠬᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠢ ᠠᠮᠵᠢᠯᠲᠠ ᠲᠠᠢ

ᠡᠷᠬᠢᠯᠡᠭᠰᠡᠨ ᠨᠢ ᠮᠠᠨ ᠤ ᠣᠷᠣᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠠᠯᠠᠭᠠᠳᠠᠬᠤ ᠪᠥᠮᠪᠦᠭᠡ ᠶᠢᠨ

ᠬᠥᠳᠡᠯᠭᠡᠭᠡᠨ ᠱᠠᠲᠤᠴᠢ ᠴᠢᠨᠠᠷᠲᠠᠢ ᠦᠷ᠎ᠡ ᠪᠦᠲᠦᠭᠡᠯ ᠣᠯᠤᠭᠰᠠᠨ ᠤ ᠲᠥᠪᠯᠡᠷᠡᠩᠭᠦᠢ ᠢᠯᠡᠷᠡᠯ ᠪᠣᠯᠬᠤ ᠪᠠᠷ ᠪᠠᠷᠠᠬᠤ

ᠦᠭᠡᠢ᠂ ᠨᠡᠩ ᠴᠤ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ᠂ ᠤᠷᠤᠯᠳᠤᠭᠠᠨ ᠢᠶᠠᠷ ᠰᠤᠷᠭᠠᠨ ᠬᠥᠮᠦᠵᠢᠯ ᠢ

ᠠᠬᠢᠭᠤᠯᠬᠤ ᠵᠠᠩᠭᠢᠯᠠᠭ᠎ᠠ ᠶᠢᠨ ᠠᠴᠢᠶᠠᠯᠠᠪᠤᠷᠢ — ᠤᠷᠤᠯᠳᠤᠭᠠᠨ ᠤ ᠦᠢᠯᠡᠳᠦᠯᠭᠡ ᠪᠠᠷ ᠡᠳᠦᠷ ᠲᠤᠲᠤᠮ ᠤᠨ

ᠪᠣᠯᠪᠠᠰᠤᠷᠠᠯ ᠤᠨ ᠦᠷ᠎ᠡ ᠪᠦᠲᠦᠮᠵᠢ ᠶᠢ ᠰᠢᠯᠭᠠᠭᠰᠠᠨ ᠢᠶᠠᠷ ᠪᠠᠷᠠᠬᠤ ᠦᠭᠡᠢ ᠪᠠᠰᠠ ᠤᠷᠤᠯᠳᠤᠭᠠᠨ ᠤ ᠲᠠᠯᠠᠪᠠᠢ ᠳᠤ

ᠪᠢᠯᠬᠠᠭᠰᠠᠨ ᠠᠮᠢᠵᠢᠷᠠᠯ ᠤᠨ ᠬᠦᠴᠦᠨ ᠢᠶᠠᠷ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ

ᠰᠡᠳᠬᠢᠯᠭᠡ ᠶᠢ  ᠬᠥᠭᠵᠢᠭᠡᠨ᠂ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠡᠷᠡᠭᠦᠯ ᠢᠶᠠᠷ

ᠥᠰᠦᠨ ᠪᠤᠶᠢᠵᠢᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号