ᠶᠡᠭᠡ ᠳᠡᠭᠡᠳᠦ ᠰᠤᠷᠭᠠᠭᠤᠯᠢ ᠶᠢᠨ ᠵᠠᠯᠠᠭᠤ ᠰᠤᠷᠤᠭᠴᠢᠳ ᠤᠨ ᠣᠨᠣᠯ ᠢ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠢ  ᠶᠠᠪᠤᠭᠳᠠᠭᠤᠯᠪᠠ
ᠨᠡᠶᠢᠲᠡᠯᠡᠭᠰᠡᠨ ᠴᠠᠭ᠄
2025/6/4
      5 ᠳ᠋ᠤᠭᠠᠷ ᠰᠠᠷ᠎ᠠ ᠶᠢᠨ 30 ᠤ ᠡᠳᠦᠷ᠂ ︽ᠤᠮᠠᠷᠠᠲᠤ ᠬᠢᠯᠢ ᠶᠢᠨ ᠰᠢᠨ᠎ᠡ ᠨᠢᠭᠡ ᠦᠶ᠎ᠡ  ᠵᠠᠯᠠᠭᠤ ᠨᠠᠰᠤ ᠳᠤᠮᠳᠠᠳᠤ ᠶᠢ ᠦᠭᠦᠯᠡᠬᠦ ᠨᠢ︾ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠣᠨᠣᠯ ᠢ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠭᠤᠯᠪᠠ᠃ ᠡᠨᠡ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ  ᠤᠨ ᠠᠵᠢᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠬᠠᠮᠲᠤᠷᠠᠨ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠵᠦ᠂ ᠵᠣᠷᠢᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ           ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ           ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠵᠠᠯᠠᠭᠤᠴᠤᠳ ᠢ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠠᠷ ᠬᠥᠲᠦᠯᠦᠨ ᠵᠢᠯᠣᠭᠤᠳᠪᠠ᠃   

1.jpg

      ᠤᠷᠤᠯᠳᠤᠭᠠᠨ ᠡᠬᠢᠯᠡᠭᠰᠡᠨ ᠠᠴᠠ ᠨᠠᠭᠠᠰᠢ᠂ ᠡᠯ᠎ᠡ ᠶᠡᠭᠡ ᠳᠡᠭᠡᠳᠦ ᠰᠤᠷᠭᠠᠭᠤᠯᠢ ᠢᠳᠡᠪᠬᠢᠲᠡᠢ ᠴᠤᠤᠷᠢᠶᠠᠲᠤᠨ

ᠳᠠᠭᠠᠵᠤ᠂ ᠣᠯᠠᠨ ᠶᠠᠩᠵᠤ ᠶᠢᠨ ᠰᠤᠷᠭᠠᠭᠤᠯᠢ ᠶᠢᠨ ᠳᠡᠰ ᠤᠨ ᠠᠩᠬᠠᠨ ᠤ ᠤᠷᠤᠯᠳᠤᠭᠠᠨ ᠢ 41 ᠲᠠᠯᠠᠪᠠᠢ ᠤᠳᠠᠭ᠎ᠠ

ᠵᠣᠬᠢᠶᠠᠨ ᠪᠠᠶᠢᠭᠤᠯᠵᠤ᠂ 800 ᠭᠠᠷᠤᠢ ᠰᠤᠷᠤᠭᠴᠢ ᠣᠷᠣᠯᠴᠠᠨ᠂ ᠲᠦᠮᠡ ᠰᠢᠬᠠᠮ ᠶᠡᠭᠡ ᠳᠡᠭᠡᠳᠦ ᠰᠤᠷᠭᠠᠭᠤᠯᠢ ᠶᠢᠨ

ᠪᠠᠭᠰᠢ ᠰᠤᠷᠤᠭᠴᠢᠳ ᠠᠬᠤᠢ ᠲᠠᠯᠠᠪᠠᠢ ᠳᠤ ᠲᠣᠭᠤᠷᠢᠨ ᠦᠵᠡᠵᠦ᠂ ᠡᠴᠦᠰ ᠲᠤ᠂ ᠥᠪᠡᠷᠲᠡᠭᠡᠨ ᠵᠠᠰᠠᠬᠤ ᠣᠷᠣᠨ ᠤ

ᠳᠡᠰ ᠤᠨ ᠰᠢᠯᠭᠠᠷᠠᠭᠤᠯᠤᠯᠲᠠ ᠳᠤ 41 ᠪᠦᠲᠦᠭᠡᠯ ᠢ ᠣᠷᠣᠭᠤᠯᠬᠤ ᠪᠠᠷ ᠲᠣᠭᠲᠠᠪᠠ᠃ ᠮᠥᠷᠥᠶᠢᠴᠡᠭᠡᠨ  ᠢᠶᠠᠷ ᠳᠠᠮᠵᠢᠨ᠂

19 ᠳᠤᠭᠤᠶᠢᠯᠠᠩ ᠶᠢᠨ ᠣᠷᠣᠯᠴᠠᠭᠴᠢ ᠴᠣᠯᠭᠤᠷᠠᠨ ᠰᠢᠢᠳᠪᠦᠷᠢᠲᠦ ᠤᠷᠤᠯᠳᠤᠭᠠᠨ ᠳᠤ ᠳᠡᠪᠰᠢᠨ ᠣᠷᠣᠵᠤ᠂

ᠬᠠᠮᠲᠤ ᠳᠤ ᠪᠠᠨ ᠤᠷᠤᠯᠳᠤᠭᠠᠨ ᠤ ᠲᠠᠯᠠᠪᠠᠢ ᠳᠤ ᠮᠥᠷᠦᠶᠢᠴᠡᠯᠳᠦᠪᠡ᠃

      ᠤᠷᠤᠯᠳᠤᠭᠠᠨ ᠨᠢ ᠰᠤᠷᠤᠭᠴᠢᠳ ᠲᠤ ᠵᠣᠬᠢᠴᠠᠬᠤ ᠨᠡᠩ ᠣᠯᠠᠨ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢ

ᠰᠦᠪᠡᠭᠴᠢᠯᠡᠬᠦ ᠶᠢ ᠵᠣᠷᠢᠭᠵᠢᠭᠤᠯᠪᠠ᠃ ᠤᠷᠤᠯᠳᠤᠭᠠᠨ ᠳᠤ ᠣᠷᠣᠯᠴᠠᠭᠰᠠᠳ ᠤᠯᠠᠮᠵᠢᠯᠠᠯᠲᠤ ᠤᠬᠠᠭᠤᠯᠤᠨ

ᠲᠠᠶᠢᠯᠪᠤᠷᠢᠯᠠᠬᠤ ᠪᠤᠶᠤ ︽ᠤᠬᠠᠭᠤᠯᠤᠨ ᠲᠠᠶᠢᠯᠪᠤᠷᠢᠯᠠᠬᠤ+ᠨᠣᠮ ᠤᠩᠰᠢᠵᠤ ᠬᠤᠪᠢᠶᠠᠯᠴᠠᠬᠤ︾᠂ ︽ᠤᠬᠠᠭᠤᠯᠤᠨ

ᠲᠠᠶᠢᠯᠪᠤᠷᠢᠯᠠᠬᠤ+ᠦᠭᠦᠯᠡᠨ ᠳᠠᠭᠤᠯᠠᠬᠤ︾᠂ ︽ᠤᠬᠠᠭᠤᠯᠤᠨ ᠲᠠᠶᠢᠯᠪᠤᠷᠢᠯᠠᠬᠤ+ᠴᠠᠷᠭᠢᠯ ᠬᠤᠯᠪᠤᠭ᠎ᠠ︾᠂ ︽ᠤᠬᠠᠭᠤᠯᠤᠨ

ᠲᠠᠶᠢᠯᠪᠤᠷᠢᠯᠠᠬᠤ+ᠦᠵᠡᠭᠳᠡᠯᠲᠦ ᠵᠦᠴᠦᠭᠡ︾ ᠵᠡᠷᠭᠡ ᠬᠡᠯᠪᠡᠷᠢ ᠪᠠᠷ ᠤᠷᠤᠯᠳᠤᠭᠠᠨ ᠳᠤ ᠣᠷᠣᠯᠴᠠᠵᠤ ᠪᠣᠯᠤᠨ᠎ᠠ᠃ ᠲᠡᠳᠡ

ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠠᠮᠢᠳᠤᠷᠠᠯ  ᠤᠨ ᠪᠣᠳᠠᠲᠤ ᠪᠠᠶᠢᠳᠠᠯ ᠲᠠᠢ ᠨᠢᠭᠲᠠ

ᠤᠶᠠᠯᠳᠤᠭᠤᠯᠵᠤ᠂ ︽ᠳᠡᠷᠭᠡᠳᠡᠬᠢ ᠶᠠᠪᠤᠳᠠᠯ︾᠂ ︽ᠬᠠᠯᠠᠮᠵᠢᠯᠠᠵᠤ ᠪᠠᠶᠢᠭ᠎ᠠ ᠶᠠᠪᠤᠳᠠᠯ︾ ᠠᠴᠠ ᠭᠠᠷᠳᠠᠵᠤ᠂ ᠵᠠᠯᠠᠭᠤᠴᠤᠳ ᠤᠨ

ᠦᠭᠡ ᠶᠠᠷᠢᠶ᠎ᠠ᠂ ᠠᠮᠢᠳᠤᠯᠢᠭ ᠵᠢᠱᠢᠶ᠎ᠡ ᠪᠠᠷ ︽ᠪᠠᠭ᠎ᠠ ᠠᠴᠠ ᠶᠡᠭᠡ ᠶᠢ ᠦᠵᠡᠬᠦ︾᠂ ᠶᠡᠷᠦᠩᠬᠡᠢ ᠱᠦᠵᠢ ᠰᠢ ᠶᠢᠨ ᠫᠢᠩ ᠤᠨ

ᠵᠠᠯᠠᠭᠤᠴᠤᠳ  ᠲᠤ ᠥᠭᠭᠦᠭᠰᠡᠨ ᠬᠠᠶᠢᠷ᠎ᠠ ᠬᠠᠯᠠᠮᠵᠢ ᠪᠠ ᠴᠢᠩ ᠰᠡᠳᠬᠢᠯ ᠤᠨ ᠨᠠᠶᠢᠳᠠᠯᠭ᠎ᠠ ᠶᠢ ᠭᠦᠨ ᠵᠤᠵᠠᠭᠠᠨ

ᠰᠡᠳᠬᠢᠯᠭᠡ ᠪᠠᠷ ᠶᠠᠷᠢᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ︽ᠨᠢᠭᠡ

ᠭᠤᠣᠯ ᠱᠤᠭᠤᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠡᠶᠡᠯᠡᠭᠦᠯᠵᠦ᠂ ᠮᠣᠩᠭᠤᠯ ᠮᠣᠷᠢᠨ ᠤ ᠵᠣᠷᠢᠭ

ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ︾ ᠭᠠᠯ ᠬᠠᠯᠠᠭᠤᠨ

ᠦᠢᠯᠡᠳᠦᠯᠭᠡ ᠶᠢ ᠤᠯᠠᠨ ᠬᠠᠷᠠᠭᠠᠰᠤ ᠠᠴᠠ ᠢᠯᠡᠷᠡᠭᠦᠯᠪᠡ᠃

   

2.jpg

      ᠬᠤᠷᠴᠠ ᠰᠢᠷᠦᠭᠦᠨ ᠮᠥᠷᠦᠶᠢᠴᠡᠭᠡᠨ ᠢᠶᠠᠷ ᠳᠠᠮᠵᠢᠨ᠂ ᠰᠢᠢᠳᠪᠦᠷᠢᠲᠦ ᠤᠷᠤᠯᠳᠤᠭᠠᠨ ᠳᠤ ᠣᠨᠴᠠ ᠳᠡᠰ ᠤᠨ

ᠱᠠᠩᠨᠠᠯ 1᠂ ᠨᠢᠭᠡᠳᠦᠭᠡᠷ ᠳᠡᠰ ᠤᠨ ᠱᠠᠩᠨᠠᠯ 2᠂ ᠬᠤᠶᠠᠳᠤᠭᠠᠷ ᠳᠡᠰ ᠤᠨ ᠱᠠᠩᠨᠠᠯ 4᠂ ᠭᠤᠷᠪᠠᠳᠤᠭᠠᠷ ᠳᠡᠰ ᠤᠨ

ᠱᠠᠩᠨᠠᠯ 5᠂ ᠰᠢᠯᠢᠳᠡᠭ ᠱᠠᠩᠨᠠᠯ 7᠂ ᠶᠡᠭᠡ ᠳᠡᠭᠡᠳᠦ ᠰᠤᠷᠭᠠᠭᠤᠯᠢ ᠶᠢᠨ ᠰᠢᠯᠢᠳᠡᠭ ᠵᠣᠬᠢᠶᠠᠨ  ᠪᠠᠶᠢᠭᠤᠯᠤᠭᠰᠠᠨ ᠱᠠᠩᠨᠠᠯ

10 ᠶᠢ ᠰᠢᠯᠭᠠᠷᠠᠭᠤᠯᠪᠠ᠃ ᠤᠷᠤᠯᠳᠤᠭᠠᠨ ᠨᠢ ︽ᠬᠤᠪᠢᠰᠬᠠᠯᠲᠤ ᠤᠮᠠᠷᠠᠲᠤ ᠬᠢᠯᠢ ᠦᠨᠢ ᠮᠥᠩᠬᠡᠷᠡᠨᠡᠮ︾ ︽ᠮᠣᠷᠢᠨ

ᠬᠤᠭᠤᠷ ᠤᠨ ᠴᠢᠪᠬᠠᠳᠠᠰᠤᠨ ᠳᠡᠭᠡᠷᠡᠬᠢ ᠦᠨᠳᠦᠰᠦᠲᠡᠨ ᠤ ᠪᠥᠯᠬᠦᠮᠳᠡᠯ︾ ᠵᠡᠷᠭᠡ ᠣᠯᠠᠨ ᠲᠦᠮᠡᠨ ᠲᠠᠢ ᠣᠶᠢᠷᠠᠲᠤᠭᠰᠠᠨ᠂

ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠴᠤᠭ ᠪᠠᠳᠠᠷᠠᠩᠭᠤᠢ ᠤᠬᠠᠭᠤᠯᠤᠨ ᠲᠠᠶᠢᠯᠪᠤᠷᠢᠯᠠᠬᠤ ᠪᠦᠲᠦᠭᠡᠯ ᠢ

ᠰᠢᠯᠭᠠᠷᠠᠭᠤᠯᠵᠤ᠂ ᠤᠮᠠᠷᠠᠲᠤ ᠬᠢᠯᠢ ᠶᠢᠨ ᠵᠠᠯᠠᠭᠤᠴᠤᠳ ᠤᠨ ︽ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ

ᠪᠢ ᠪᠤᠢ︾ ᠭᠡᠬᠦ ᠬᠠᠮᠤᠭ ᠤᠨ ᠴᠢᠩᠭ᠎ᠠ ᠰᠡᠳᠬᠢᠯ ᠤᠨ ᠳᠠᠭᠤᠨ ᠢ ᠴᠤᠤᠷᠢᠶᠠᠲᠤᠭᠤᠯᠵᠤ᠂ ᠰᠢᠨ᠎ᠡ ᠴᠠᠭ ᠦᠶ᠎ᠡ ᠶᠢᠨ

ᠥᠪᠥᠷ ᠮᠣᠩᠭᠤᠯ ᠤᠨ ᠰᠤᠷᠤᠭᠴᠢᠳ ᠤᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂

ᠨᠠᠮ ᠢᠶᠠᠨ ᠲᠠᠭᠠᠬᠤ ᠶᠢ ᠵᠢᠯᠣᠭᠤᠳᠴᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠠᠷᠢᠭᠤᠴᠠᠯᠭ᠎ᠠ

ᠡᠭᠦᠷᠭᠡᠯᠡᠬᠦ ᠴᠤᠭ ᠪᠠᠳᠠᠷᠠᠩᠭᠤᠢ ᠳᠦᠷᠰᠦ ᠪᠠᠶᠢᠳᠠᠯ ᠢ ᠢᠯᠡᠷᠡᠭᠦᠯᠪᠡ᠃

3.jpg

      ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ

ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠣᠨᠣᠯ ᠢ ᠤᠬᠠᠭᠤᠯᠤᠨ

ᠲᠠᠶᠢᠯᠪᠤᠷᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ

ᠬᠥᠮᠦᠵᠢᠭᠦᠯᠬᠦ ᠦᠨᠳᠦᠰᠦᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠪᠠᠭᠰᠢ ᠶᠢᠨ ᠤᠬᠠᠭᠤᠯᠤᠨ

ᠲᠠᠶᠢᠯᠪᠤᠷᠢᠯᠠᠬᠤ ᠪᠦᠯᠬᠦᠮ᠂ ᠤᠶᠤᠲᠠᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ᠂ ᠤᠯᠠᠭᠠᠨ ᠪᠥᠴᠡᠲᠡᠨ ᠤ

ᠤᠬᠠᠭᠤᠯᠤᠨ ᠲᠠᠶᠢᠯᠪᠤᠷᠢᠯᠠᠬᠤ ᠪᠦᠯᠬᠦᠮ ᠵᠡᠷᠭᠡ ᠶᠢ ᠢᠳᠡᠪᠬᠢᠲᠡᠢ ᠪᠠᠶᠢᠭᠤᠯᠵᠤ᠂ ᠲᠥᠪᠯᠡᠷᠡᠭᠦᠯᠦᠨ ᠪᠣᠯᠪᠠᠰᠤᠷᠠᠭᠤᠯᠬᠤ᠂

ᠳᠠᠭᠤᠷᠢᠶᠠᠯ ᠦᠵᠡᠭᠦᠯᠵᠦ ᠬᠥᠲᠥᠯᠥᠨ ᠳᠠᠭᠠᠭᠤᠯᠬᠤ᠂ ᠪᠦᠯᠬᠦᠮ ᠵᠣᠬᠢᠶᠠᠨ ᠪᠠᠶᠢᠭᠤᠯᠵᠤ ᠤᠬᠠᠭᠤᠯᠬᠤ ᠵᠡᠷᠭᠡ ᠠᠷᠭ᠎ᠠ

ᠬᠡᠯᠪᠡᠷᠢ ᠪᠠᠷ ᠳᠠᠮᠵᠢᠭᠤᠯᠵᠤ᠂ ᠡᠯ᠎ᠡ ᠣᠨᠣᠯ ᠢ ᠤᠬᠠᠭᠤᠯᠤᠨ ᠲᠠᠶᠢᠯᠪᠤᠷᠢᠯᠠᠬᠤ ᠡᠩᠨᠡᠭᠡ ᠶᠢᠨ ᠳᠡᠰ ᠳᠡᠪᠰᠢᠬᠦ ᠶᠢ

ᠠᠬᠢᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ ᠠᠮᠢᠳᠤᠯᠢᠭ ᠶᠠᠷᠢᠵᠤ᠂ ᠣᠶᠤᠨ ᠲᠠᠷᠢᠬᠢᠨ ᠳᠤ ᠨᠢ

ᠬᠠᠳᠠᠩᠰᠢᠭᠤᠯᠵᠤ᠂ ᠤᠮᠠᠷᠠᠲᠤ ᠬᠢᠯᠢ ᠶᠢᠨ ᠰᠤᠷᠭᠠᠭᠤᠯᠢ ᠶᠢᠨ ᠬᠦᠷᠢᠶᠡᠨ ᠳᠤ ᠣᠨᠣᠯ ᠤᠨ ᠳᠠᠭᠤᠨ ᠢ

ᠴᠤᠤᠷᠢᠶᠠᠲᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠵᠠᠯᠠᠭᠤ ᠨᠠᠰᠤᠨ ᠤ ᠬᠦᠴᠦᠨ

ᠨᠡᠮᠡᠷᠢᠯᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号