︽ᠰᠤᠳᠤᠷ ᠨᠣᠮ ᠢᠶᠠᠷ ᠬᠡᠶᠢᠭᠦᠯᠦᠨ ᠰᠣᠶᠣᠯ ᠮᠡᠳᠡᠯᠭᠡ ᠪᠠᠷ ᠤᠮᠳᠠᠯᠠᠵᠤ ᠤᠩᠰᠢᠯᠭ᠎ᠠ ᠶᠢᠨ ᠳᠤᠮᠳᠠ ᠥᠰᠦᠨ ᠪᠣᠶᠢᠵᠢᠨᠠᠮ︾ ᠠᠵᠢᠯᠯᠠᠭ᠎ᠠ ᠶᠢ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/6/4
      ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠥᠳᠲᠡᠷ ᠲᠦᠷᠭᠡᠨ ᠪᠦᠲᠦᠭᠡᠨ ᠪᠠᠶᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠳᠬᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠠᠴᠠ ᠬᠠᠮᠲᠤᠷᠠᠨ ᠡᠷᠬᠢᠯᠡᠭᠰᠡᠨ ︽ᠰᠤᠳᠤᠷ ᠨᠣᠮ ᠢᠶᠠᠷ ᠭᠡᠶᠢᠭᠦᠯᠦᠨ ᠰᠣᠶᠣᠯ ᠮᠡᠳᠡᠯᠭᠡ ᠪᠠᠷ ᠤᠮᠳᠠᠯᠠᠵᠤ  ᠣᠩᠰᠢᠯᠭ᠎ᠠ ᠶᠢᠨ ᠳᠤᠮᠳᠠ ᠥᠰᠦᠨ ᠪᠣᠶᠢᠵᠢᠨᠠᠮ︾ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠭᠤᠯᠵᠤ᠂ ︽ᠵᠢᠯᠣᠭᠤᠳᠬᠤ + ᠬᠤᠪᠢᠶᠠᠯᠴᠠᠬᠤ + ᠤᠩᠰᠢᠬᠤ︾ ᠪᠣᠰᠤᠭ᠎ᠠ ᠴᠣᠭᠴᠠᠲᠤ ᠵᠠᠭᠪᠤᠷ ᠢᠶᠠᠷ ᠣᠳᠣ ᠦᠶ᠎ᠡ ᠶᠢᠨ ᠤᠶᠤᠲᠠᠳ ᠳᠤᠮᠳᠠᠳᠤ ᠶᠢᠨ ᠤᠯᠠᠮᠵᠢᠯᠠᠯᠲᠤ ᠰᠣᠩᠭᠤᠳᠠᠭ ᠵᠣᠬᠢᠶᠠᠯ᠂ ᠬᠤᠪᠢᠰᠬᠠᠯ ᠤᠨ ᠰᠣᠩᠭᠤᠳᠠᠭ ᠵᠣᠬᠢᠶᠠᠯ ᠪᠠ ᠣᠳᠣ ᠦᠶ᠎ᠡ ᠶᠢᠨ ᠰᠣᠩᠭᠤᠳᠠᠭ ᠵᠣᠬᠢᠶᠠᠯ ᠢ ᠤᠩᠰᠢᠬᠤ ᠶᠢ ᠰᠠᠨᠠᠭᠠᠴᠢᠯᠠᠵᠤ᠂ ᠵᠠᠯᠠᠭᠤᠴᠤᠳ ᠢ ᠵᠣᠷᠢᠭᠵᠢᠭᠤᠯᠤᠨ ᠰᠣᠩᠭᠤᠳᠠᠭ ᠵᠣᠬᠢᠶᠠᠯ ᠢ ᠣᠩᠰᠢᠭᠤᠯᠤᠨ᠂ ᠪᠡᠶ᠎ᠡ ᠰᠡᠳᠬᠢᠯ ᠢ ᠤᠮᠳᠠᠯᠠᠵᠤ᠂ ᠰᠡᠳᠬᠢᠬᠦᠢ ᠶᠢ ᠥᠷᠭᠡᠳᠭᠡᠨ᠂ ᠦᠨᠳᠦᠰᠦ ᠶᠢ ᠪᠣᠶᠢᠵᠢᠭᠤᠯᠵᠤ᠂ ᠰᠦᠭ ᠢ ᠱᠤᠭᠤᠪᠠ᠃

1.jpg

      ᠡᠨᠡ ᠤᠳᠠᠭᠠᠨ ᠤ ᠠᠵᠢᠯᠯᠠᠭ᠎ᠠ ᠶᠢ ᠪᠦᠬᠦ ᠤᠯᠤᠰ ᠤᠨ ︽5 · 1︾ ᠤ ᠬᠥᠳᠡᠯᠮᠦᠷᠢ ᠶᠢᠨ ᠵᠢᠱᠢᠶᠡᠴᠢ ᠶᠢᠨ

ᠱᠠᠩᠨᠠᠯ᠂ 18 ᠳ᠋ᠤᠭᠠᠷ ᠬᠤᠭᠤᠴᠠᠭᠠᠨ ᠤ ᠴᠠᠩ ᠵᠢᠶᠠᠩ ᠲᠤᠤ ᠹᠧᠨ ᠱᠠᠩᠨᠠᠯ ᠭᠦᠷᠲᠡᠭᠴᠢ ᠥᠪᠥᠷ ᠮᠣᠩᠭᠤᠯ ᠤᠨ

ᠷᠠᠳᠢᠣ᠋ ᠲᠧᠯᠸᠢᠰ ᠬᠤᠷᠢᠶᠠᠨ ᠤ ᠲᠡᠷᠢᠭᠦᠨ ᠰᠤᠷᠪᠤᠯᠵᠢᠯᠠᠭᠴᠢ᠂ ᠬᠥᠲᠥᠯᠥᠭᠴᠢ ᠯᠧᠢ ᠮᠧᠩ ᠡᠷᠬᠢᠯᠡᠵᠦ᠂ ᠥᠪᠥᠷ

ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠬᠥᠲᠥᠯᠥᠭᠴᠢ ᠴᠢᠶᠣᠤ ᠵᠢᠩ ᠤᠩᠰᠢᠯᠭ᠎ᠠ ᠶᠢ ᠵᠢᠯᠣᠭᠤᠳᠬᠤ

ᠬᠦᠨᠳᠦᠲᠦ ᠵᠣᠴᠢᠨ ᠢᠶᠠᠷ ᠵᠠᠯᠠᠭᠳᠠᠪᠠ᠃

2.jpg

3.jpg

  

      ᠠᠵᠢᠯᠯᠠᠭ᠎ᠠ ᠶᠢᠨ ᠶᠠᠪᠤᠴᠠ ᠳᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ

ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠹᠦ᠋ ᠰᠦᠸᠧ ᠭᠧᠨ ᠫᠷᠤᠹᠧᠰᠰᠤᠷ ︽ᠰᠢ ᠶᠢᠨ ᠫᠢᠩ ᠨᠣᠮ ᠰᠤᠳᠤᠷ ᠠᠴᠠ

ᠡᠰᠢᠯᠡᠬᠦ ᠨᠢ︾ ᠭᠡᠬᠦ ᠨᠣᠮ ᠢ ᠭᠦᠨᠵᠡᠭᠡᠢ ᠵᠠᠳᠠᠯᠪᠠ︔ ᠤᠳᠬ᠎ᠠ ᠵᠣᠬᠢᠶᠠᠯ ᠰᠣᠨᠢᠨ ᠮᠡᠳᠡᠭᠡᠯᠡᠯ ᠤᠨ ᠳᠡᠭᠡᠳᠦ

ᠰᠤᠷᠭᠠᠭᠤᠯᠢ ᠶᠢᠨ ᠳᠡᠳ᠋ ᠫᠷᠤᠹᠧᠰᠰᠤᠷ ᠯᠢ ᠸᠠᠩ ︽ᠵᠢᠮᠢᠰ ᠪᠠ ᠶᠢᠷᠲᠢᠨᠴᠦ ᠶᠢᠨ ᠬᠥᠮᠦᠨ︾ ᠢ ᠭᠦᠨᠵᠡᠭᠡᠢ ᠵᠠᠳᠠᠯᠵᠤ᠂

ᠵᠥᠪᠬᠡᠨ ᠨᠢᠭᠡ ᠵᠢᠯ ᠬᠠᠭᠠᠰ ᠪᠠᠭ᠎ᠠ ᠰᠤᠷᠭᠠᠭᠤᠯᠢ ᠳᠤ ᠰᠤᠷᠤᠯᠴᠠᠭᠰᠠᠨ ᠰᠢᠦ ᠶᠢᠩ ᠡᠮᠡᠭᠡ ᠨᠣᠮ ᠭᠠᠷᠭᠠᠭᠰᠠᠨ

ᠦᠯᠢᠭᠡᠷ ᠢ ᠬᠤᠪᠢᠶᠠᠯᠴᠠᠬᠤ ᠪᠠᠷ ᠳᠠᠮᠵᠢᠭᠤᠯᠤᠨ᠂ ᠬᠡᠦᠬᠡᠳ ᠪᠠᠭᠠᠴᠤᠳ ᠢ ᠰᠢᠦ ᠶᠢᠩ ᠡᠮᠡᠭᠡ ᠲᠠᠢ ᠠᠳᠠᠯᠢ

ᠠᠮᠢᠳᠤᠷᠠᠯ ᠢ ᠬᠠᠶᠢᠷᠠᠯᠠᠵᠤ ᠠᠵᠢᠭᠯᠠᠬᠤ ᠶᠢ ᠪᠠᠷᠢᠮᠲᠠᠯᠠᠵᠤ᠂ ᠦᠰᠦᠭ ᠪᠢᠴᠢᠭ ᠢᠶᠠᠷ ᠴᠠᠭ ᠦᠶ᠎ᠡ ᠶᠢ ᠪᠢᠴᠢᠭᠯᠡᠬᠦ ᠶᠢ

ᠵᠣᠷᠢᠭᠵᠢᠭᠤᠯᠪᠠ︔ ᠭᠦᠨ ᠤᠬᠠᠭᠠᠨ ᠤ ᠳᠡᠭᠡᠳᠦ ᠰᠤᠷᠭᠠᠭᠤᠯᠢ ᠶᠢᠨ ᠮᠠᠰᠲ᠋ᠧᠷ ᠵᠠᠩ ᠶᠠᠩ ᠰᠡᠳᠬᠢᠴᠡ ᠵᠦᠢ ᠶᠢᠨ

ᠬᠠᠷᠠᠭᠠᠰᠤ ᠠᠴᠠ ︽ᠴᠢ ᠢᠩᠭᠢᠵᠦ ᠰᠡᠳᠬᠢᠵᠦ ᠪᠣᠯᠬᠤ ᠮᠠᠭᠠᠳ︾ ᠢ ᠬᠤᠪᠢᠶᠠᠯᠴᠠᠵᠤ᠂ ᠭᠦᠨ ᠤᠬᠠᠭᠠᠨ ᠤ

ᠰᠡᠳᠬᠢᠮᠵᠢ ᠠᠴᠠ ᠣᠳᠣ ᠦᠶ᠎ᠡ ᠶᠢᠨ ᠵᠠᠯᠠᠭᠤᠴᠤᠳ ᠢ ᠬᠠᠪᠰᠤᠷᠤᠨ ᠥᠷᠲᠡᠭ ᠤᠨ ᠳᠣᠭᠲᠠᠯᠴᠠᠭ᠎ᠠ ᠶᠢ ᠪᠠᠶᠢᠭᠤᠯᠬᠤ

ᠲᠤᠬᠠᠢ ᠰᠤᠳᠤᠯᠤᠨ ᠶᠠᠷᠢᠯᠴᠠᠪᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠷᠢᠶᠠᠲᠤ ᠪᠠᠭ᠎ᠠ

ᠰᠤᠷᠭᠠᠭᠤᠯᠢ ᠶᠢᠨ ᠲᠠᠪᠤᠳᠤᠭᠠᠷ ᠣᠨ ᠤ ᠰᠤᠷᠤᠭᠴᠢ ᠠᠪᠢᠶᠠᠰ ︽ᠰᠦ᠋ ᠳ᠋ᠦᠩ ᠫᠥᠸᠧ ᠶᠢᠨ ᠨᠠᠮᠲᠠᠷ︾  ᠢᠶᠠᠷ

ᠵᠢᠱᠢᠶᠡᠯᠡᠵᠦ᠂ ᠬᠡᠦᠬᠡᠳ ᠤᠨ ᠬᠠᠷᠠᠭᠠᠰᠤ ᠠᠴᠠ ᠰᠦ᠋ ᠱᠢ ᠶᠢᠨ ︽ᠬᠤᠯᠤᠰᠤᠨ ᠲᠠᠶᠠᠭ ᠡᠪᠡᠰᠦᠨ ᠭᠤᠲᠤᠯ ᠢᠶᠠᠨ

ᠬᠤᠷᠳᠤᠨ ᠬᠥᠯᠦᠭ ᠢᠶᠠᠷ ᠰᠣᠯᠢᠬᠤ ᠦᠭᠡᠢ︾ ᠭᠡᠬᠦ ᠠᠭᠤᠳᠠᠮᠴᠢ ᠬᠥᠮᠦᠨ ᠤ ᠠᠮᠢᠳᠤᠷᠠᠯ ᠢ ᠵᠠᠳᠠᠯᠤᠨ᠂ ᠤᠯᠠᠮᠵᠢᠯᠠᠯᠲᠤ

ᠰᠣᠶᠣᠯ ᠵᠠᠯᠠᠭᠤᠴᠤᠳ ᠪᠠᠭᠠᠴᠤᠳ ᠤᠨ ᠵᠠᠩ ᠴᠢᠨᠠᠷ ᠢ ᠪᠥᠲᠦᠭᠡᠬᠦ ᠳᠤ ᠭᠦᠨ  ᠭᠦᠨᠵᠡᠭᠡᠢ ᠨᠥᠯᠦᠭᠡ ᠦᠵᠡᠭᠦᠯᠬᠦ ᠶᠢ

ᠣᠯᠠᠨ ᠳᠤ ᠬᠠᠷᠠᠭᠤᠯᠪᠠ᠃

4.jpg

      ᠡᠨᠡ ᠤᠳᠠᠭᠠᠨ ᠤ ᠠᠵᠢᠯᠯᠠᠭ᠎ᠠ ᠪᠣᠯ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠨᠣᠮ ᠤᠩᠰᠢᠬᠤ

ᠠᠵᠢᠯᠯᠠᠭ᠎ᠠ · ︽ᠰᠤᠳᠤᠷ ᠨᠣᠮ ᠢᠶᠠᠷ ᠳᠤᠮᠳᠠᠳᠤ ᠪᠠᠨ ᠭᠡᠶᠢᠭᠦᠯᠬᠦ︾ ᠭᠤᠣᠯ ᠰᠡᠳᠦᠪᠲᠦ ᠨᠣᠮ ᠤᠩᠰᠢᠬᠤ ᠰᠢᠷᠢᠰ

ᠠᠵᠢᠯᠯᠠᠭ᠎ᠠ ᠶᠢᠨ ᠨᠢᠭᠡ ᠪᠣᠯᠤᠨ᠎ᠠ᠂ ᠳᠤᠮᠳᠠᠳᠤ ᠶᠢᠨ ᠰᠣᠩᠭᠤᠳᠠᠭ ᠵᠣᠬᠢᠶᠠᠯ ᠢ ᠤᠩᠰᠢᠬᠤ᠂ ᠤᠩᠰᠢᠵᠤ ᠳᠡᠯᠭᠡᠨ

ᠦᠵᠡᠭᠦᠯᠬᠦ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠨᠡᠶᠢᠭᠡᠮ ᠨᠡᠶᠢᠲᠡ ᠣᠨᠴᠠᠭᠠᠶᠢᠯᠠᠨ ᠵᠠᠯᠠᠭᠤᠴᠤᠳ

ᠪᠠᠭᠠᠴᠤᠳ ᠢ ᠬᠥᠲᠥᠯᠥᠨ ᠵᠢᠯᠣᠭᠤᠳᠴᠤ  ᠨᠣᠮ ᠤᠩᠰᠢᠬᠤ ᠶᠢ ᠴᠢᠩᠭᠠᠳᠬᠠᠵᠤ᠂ ᠨᠣᠮ ᠤᠩᠰᠢᠬᠤ ᠬᠡᠪ ᠰᠤᠷᠲᠠᠯ ᠢ

ᠪᠣᠢ ᠪᠣᠯᠭᠠᠵᠤ᠂ ᠰᠣᠶᠣᠯ ᠤᠨ ᠢᠲᠡᠭᠡᠯ ᠢ ᠨᠡᠮᠡᠭᠳᠡᠭᠦᠯᠦᠨ᠎ᠡ᠃

5.jpg

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号