ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠬᠤ ᠠᠴᠠ ᠡᠮᠦᠨᠡᠬᠢ ᠰᠠᠨᠠᠭᠤᠯᠤᠮᠵᠢ
ᠨᠡᠶᠢᠲᠡᠯᠡᠭᠰᠡᠨ ᠴᠠᠭ᠄
2025/6/5
      ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠢ ᠰᠢᠯᠭᠠᠯᠲᠠ 6 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠵᠦ᠂ ᠥᠷᠭᠡᠨ ᠣᠯᠠᠨ ᠰᠢᠯᠭᠠᠭᠤᠯᠤᠭᠴᠢ ᠶᠢᠨ ᠰᠢᠯᠭᠠᠯᠲᠠ ᠳᠤ ᠠᠮᠵᠢᠯᠲᠠᠲᠠᠢ ᠣᠷᠣᠯᠴᠠᠬᠤ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠬᠠᠯᠠᠭᠤᠨ ᠳᠣᠲᠣᠨᠣ ᠰᠠᠨᠠᠭᠤᠯᠤᠮᠵᠢ ᠭᠠᠷᠭᠠᠪᠠ᠄      1. ᠰᠢᠯᠭᠠᠬᠤ ᠲᠡᠮᠳᠡᠭ ᠢ ᠡᠷᠲᠡᠬᠡᠨ ᠳᠠᠷᠤᠮᠠᠯᠯᠠᠨ᠎ᠠ      2025 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠬᠤ ᠲᠡᠮᠳᠡᠭ ᠢ ᠳᠠᠷᠤᠮᠠᠯᠯᠠᠬᠤ ᠴᠢᠳᠠᠮᠵᠢ ᠶᠢ 5 ᠰᠠᠷ᠎ᠠ ᠶᠢᠨ 26 ᠤ ᠡᠳᠦᠷ ᠨᠢᠭᠡᠨᠲᠡ ᠨᠡᠪᠲᠡᠷᠡᠭᠦᠯᠵᠦ᠂ ᠰᠢᠯᠭᠠᠬᠤ ᠲᠡᠮᠳᠡᠭ ᠢᠶᠠᠨ ᠳᠠᠷᠤᠮᠠᠯᠯᠠᠭᠠᠳᠤᠢ ᠰᠢᠯᠭᠠᠭᠤᠯᠤᠭᠴᠢ ᠬᠤᠷᠳᠤᠬᠠᠨ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠳᠠᠩᠰᠠᠯᠠᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠰᠢᠯᠭᠠᠭᠤᠯᠤᠭᠴᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ︵https://www4.nm.zsks.cn/BaseStudent/︶ ᠳᠤ ᠰᠢᠯᠭᠠᠬᠤ ᠲᠡᠮᠳᠡᠭ ᠢ ᠳᠠᠷᠤᠮᠠᠯᠯᠠᠨ᠎ᠠ᠃      2. ᠰᠢᠯᠭᠠᠭᠤᠯᠤᠭᠰᠠᠳ ᠤᠨ ᠰᠢᠯᠭᠠᠯᠲᠠ ᠶᠢᠨ ᠳᠦᠷᠢᠮ ᠢ ᠰᠠᠶᠢᠨ ᠮᠡᠳᠡᠵᠦ ᠠᠪᠤᠨ᠎ᠠ      ᠰᠢᠯᠭᠠᠬᠤ ᠲᠡᠮᠳᠡᠭ ᠢ ᠳᠠᠷᠤᠮᠠᠯᠯᠠᠭᠰᠠᠨ ᠤ ᠳᠠᠷᠠᠭ᠎ᠠ᠂ ᠰᠢᠯᠭᠠᠭᠤᠯᠤᠭᠰᠠᠳ ᠰᠢᠯᠭᠠᠬᠤ ᠲᠡᠮᠳᠡᠭ ᠳᠡᠭᠡᠷᠡᠬᠢ ᠰᠢᠯᠭᠠᠭᠤᠯᠤᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠵᠥᠪ ᠣᠨᠣᠪᠴᠢᠲᠠᠢ ᠪᠠᠶᠢᠬᠤ ᠡᠰᠡᠬᠦ ᠶᠢ ᠨᠠᠷᠢᠨ ᠬᠢᠨᠠᠮᠠᠭᠠᠢ ᠪᠠᠶᠢᠴᠠᠭᠠᠵᠤ᠂ ᠬᠡᠷᠪᠡ ᠠᠰᠠᠭᠤᠳᠠᠯ ᠲᠠᠢ ᠪᠣᠯ ᠳᠠᠷᠤᠢ ᠳᠤ ᠨᠢ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠦᠭᠰᠡᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶  ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠲᠠᠢ ᠬᠠᠷᠢᠯᠴᠠᠵᠤ᠂ ᠬᠢᠨᠠᠨ ᠪᠠᠶᠢᠴᠠᠭᠠᠯᠭᠠᠬᠤ ᠪᠠ ᠵᠠᠯᠠᠷᠠᠭᠤᠯᠬᠤ ᠬᠡᠷᠡᠭᠲᠡᠢ︔ ᠡᠯ᠎ᠡ ᠬᠢᠴᠢᠶᠡᠯ ᠲᠥᠷᠥᠯ ᠤᠨ ᠰᠢᠯᠭᠠᠯᠲᠠ  ᠶᠢᠨ ᠴᠠᠭ ᠪᠠ ᠰᠢᠯᠭᠠᠯᠲᠠ ᠶᠢᠨ ᠴᠡᠭ ᠢ ᠪᠠᠶᠢᠴᠠᠭᠠᠨ ᠦᠵᠡᠬᠦ ᠬᠡᠷᠡᠭᠲᠡᠢ︔ ︽ᠰᠢᠯᠭᠠᠭᠤᠯᠤᠭᠴᠢ ᠶᠢᠨ ᠰᠢᠯᠭᠠᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠪᠠ ᠰᠠᠨᠠᠭᠤᠯᠤᠮᠵᠢ ᠶᠢ ᠨᠠᠷᠢᠨ ᠨᠢᠮᠪᠠᠢ ᠤᠩᠰᠢᠬᠤ ᠬᠡᠷᠡᠭᠲᠡᠢ᠃      3. ᠰᠢᠯᠭᠠᠯᠲᠠ ᠶᠢᠨ ᠪᠢᠴᠢᠭ ᠤᠨ ᠬᠡᠷᠡᠭᠰᠡᠯ ᠢ ᠰᠠᠶᠢᠲᠤᠷ ᠪᠡᠯᠡᠳᠭᠡᠨ᠎ᠡ      ᠰᠢᠯᠭᠠᠭᠤᠯᠤᠭᠴᠢ ᠡᠷᠬᠡᠪᠰᠢ ᠰᠢᠯᠭᠠᠯᠲᠠ ᠳᠤ ᠬᠡᠷᠡᠭᠰᠡᠬᠦ 0.5 ᠮᠢᠯᠢᠮᠧᠲᠷ ᠤᠨ ᠬᠠᠷ᠎ᠠ ᠥᠩᠭᠡ ᠲᠠᠢ ᠳᠤᠮᠳᠠ ᠴᠢᠨᠠᠷ ᠤᠨ ᠪᠢᠷ᠂ 2B ᠬᠠᠷᠠᠨᠳᠠ᠂ ᠪᠠᠯᠠᠯᠠᠭᠤᠷ᠂ ᠰᠢᠯᠤᠭᠤᠨ ᠱᠤᠭᠤᠮ᠂ ᠭᠤᠷᠪᠠᠯᠵᠢᠨ ᠬᠠᠪᠲᠠᠰᠤ᠂ ᠥᠨᠴᠥᠭ ᠤᠨ ᠬᠡᠮᠵᠢᠭᠦᠷ᠂ ᠭᠤᠷᠲᠢᠭ᠂ ᠵᠣᠷᠭᠤᠭᠤᠯ ᠵᠡᠷᠭᠡ ᠪᠢᠴᠢᠭ ᠤᠨ ᠬᠡᠷᠡᠭᠰᠡᠯ ᠢ ᠥᠪᠡᠰᠦᠪᠡᠨ ᠪᠡᠯᠡᠳᠭᠡᠵᠦ᠂ ᠨᠡᠪᠲᠡ ᠦᠵᠡᠭᠳᠡᠳᠡᠭ ᠪᠢᠴᠢᠭ ᠤᠨ ᠬᠡᠷᠡᠭᠰᠡᠯ ᠤᠨ ᠤᠭᠤᠲᠠᠨ ᠳᠤ ᠰᠠᠪᠠᠯᠠᠨ᠎ᠠ᠃ ᠰᠢᠯᠭᠠᠭᠤᠯᠤᠭᠴᠢ ᠠᠯᠢ ᠴᠢᠳᠠᠬᠤ ᠪᠠᠷ ᠰᠦᠯᠢᠶᠣᠣ ᠪᠢᠴᠢᠭ ᠤᠨ ᠬᠡᠷᠡᠭᠰᠡᠯ ᠢ ᠬᠡᠷᠡᠭᠯᠡᠨ᠎ᠡ᠂ ᠬᠡᠷᠪᠡ ᠲᠡᠮᠦᠷᠯᠢᠭ ᠪᠢᠴᠢᠭ ᠤᠨ ᠬᠡᠷᠡᠭᠰᠡᠯ ᠢ ᠠᠪᠴᠤ᠂ ᠲᠤᠰ ᠬᠥᠮᠦᠨ ᠤ ᠰᠢᠯᠭᠠᠯᠲᠠ ᠶᠢᠨ ᠲᠠᠯᠠᠪᠠᠢ ᠳᠤ ᠣᠷᠣᠬᠤ ᠪᠠᠶᠢᠴᠠᠭᠠᠯᠲᠠ ᠶᠢᠨ ᠠᠬᠢᠴᠠ ᠶᠢ ᠨᠥᠯᠦᠭᠡᠯᠡᠪᠡᠯ᠂ ᠬᠠᠷᠢᠭᠤᠴᠠᠯᠭ᠎ᠠ  ᠶᠢ ᠰᠢᠯᠭᠠᠭᠤᠯᠤᠭᠴᠢ ᠡᠭᠦᠷᠭᠡᠯᠡᠨ᠎ᠡ᠃ ᠰᠢᠯᠭᠠᠭᠤᠯᠤᠭᠴᠢ ᠰᠢᠯᠭᠠᠯᠲᠠ  ᠶᠢᠨ ᠲᠠᠯᠠᠪᠠᠢ ᠳᠤ ᠣᠷᠣᠬᠤ ᠳᠤ ᠡᠷᠬᠡᠪᠰᠢ ᠲᠤᠰ ᠬᠥᠮᠦᠨ ᠤ ᠰᠢᠯᠭᠠᠬᠤ ᠲᠡᠮᠳᠡᠭ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠤ᠂ ᠰᠢᠯᠭᠠᠬᠤ ᠲᠡᠮᠳᠡᠭ ᠤᠨ ᠵᠥᠪ ᠲᠠᠯ᠎ᠠ ᠪᠠ ᠡᠰᠡᠷᠭᠦ ᠲᠠᠯ᠎ᠠ ᠶᠢ ᠰᠢᠯᠭᠠᠯᠲᠠ ᠳᠠᠭᠤᠰᠬᠤ ᠠᠴᠠ ᠡᠮᠦᠨ᠎ᠡ ᠪᠠᠯᠠᠯᠤᠨ ᠵᠠᠰᠠᠬᠤ ᠪᠤᠶᠤ ᠳᠡᠭᠡᠷ᠎ᠡ ᠨᠢ ᠪᠢᠴᠢᠵᠦ ᠪᠣᠯᠬᠤ ᠦᠭᠡᠢ᠃ ᠪᠠᠯᠠᠯᠤᠨ ᠵᠠᠰᠠᠬᠤ ᠰᠢᠩᠭᠡᠨ ᠪᠤᠶᠤ ᠵᠠᠯᠠᠷᠠᠭᠤᠯᠬᠤ ᠪᠦᠰᠡ ᠶᠢ ᠠᠪᠴᠤ ᠣᠷᠣᠵᠤ ᠪᠣᠯᠬᠤ ᠦᠭᠡᠢ᠃      4. ᠬᠤᠷᠢᠭ᠎ᠠ ᠲᠠᠢ ᠪᠣᠳᠠᠰ ᠢ ᠠᠪᠴᠤ ᠣᠷᠣᠬᠤ ᠶᠢ ᠴᠢᠩᠭ᠎ᠠ ᠬᠤᠷᠢᠭᠯᠠᠨ᠎ᠠ      ᠰᠢᠯᠭᠠᠭᠤᠯᠤᠭᠴᠢ ᠭᠠᠷ ᠤᠲᠠᠰᠤ᠂ ᠭᠠᠷ ᠴᠠᠭ ︵ᠪᠠᠭᠤᠤ︶᠂ ᠤᠶᠤᠨᠲᠤ ᠨᠢᠳᠦᠨ ᠰᠢᠯ᠂ ᠪᠣᠳᠣᠭᠤᠷ ᠵᠡᠷᠭᠡ ᠡᠯᠧᠺᠲᠷᠣᠨ ᠲᠥᠬᠦᠭᠡᠷᠦᠮᠵᠢ ᠶᠢ ᠠᠪᠴᠤ ᠣᠷᠣᠬᠤ ︵ᠵᠡᠭᠦᠬᠦ︶ ᠶᠢ ᠴᠢᠩᠭ᠎ᠠ ᠬᠤᠷᠢᠭᠯᠠᠵᠤ᠂ ᠢᠷᠲᠦ ᠡᠳ᠋᠂ ᠲᠡᠮᠦᠷᠯᠢᠭ ᠵᠠᠰᠠᠯ ᠵᠢᠮᠰᠡᠭ᠂ ᠨᠣᠮ ᠪᠢᠴᠢᠭ ᠮᠠᠲ᠋ᠧᠷᠢᠶᠠᠯ᠂ ᠵᠢᠵᠢᠭ ᠬᠠᠭᠤᠯᠪᠤᠷᠢ᠂ ᠡᠬᠡ ᠪᠢᠴᠢᠭ ᠤᠨ ᠴᠠᠭᠠᠰᠤ᠂ ᠪᠢᠴᠢᠭ ᠤᠨ ᠪᠣᠭᠴᠣ᠂ ᠬᠡᠲᠡ ᠴᠠᠬᠢᠭᠤᠷ᠂ ᠲᠦᠯᠬᠢᠭᠦᠷ ᠵᠡᠷᠭᠡ ᠰᠢᠯᠭᠠᠯᠲᠠ ᠳᠤ ᠬᠤᠯᠪᠤᠭᠳᠠᠬᠤ ᠦᠭᠡᠢ ᠪᠣᠳᠠᠰ ᠢ ᠰᠢᠯᠭᠠᠯᠲᠠ ᠶᠢᠨ ᠴᠡᠭ ᠲᠤ ᠠᠪᠴᠤ ᠣᠷᠣᠬᠤ ᠶᠢ ᠴᠢᠩᠭ᠎ᠠ ᠬᠤᠷᠢᠭᠯᠠᠵᠤ᠂ ᠡᠰᠡ ᠲᠡᠶᠢᠮᠦ ᠪᠣᠯ ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠨ ᠢᠶᠠᠷ ᠦᠵᠡᠨ᠎ᠡ᠃      5. ᠰᠢᠯᠭᠠᠯᠲᠠ ᠶᠢᠨ ᠴᠡᠭ ᠢ ᠤᠷᠢᠳᠴᠢᠯᠠᠨ ᠣᠶᠢᠯᠠᠭᠠᠨ᠎ᠠ      ᠰᠢᠯᠭᠠᠭᠤᠯᠤᠭᠴᠢ ᠬᠤᠪᠢ ᠬᠥᠮᠦᠨ ᠤ ᠬᠡᠷᠡᠭᠴᠡᠭᠡ ᠪᠠᠨ ᠦᠨᠳᠦᠰᠦᠯᠡᠨ ᠰᠢᠯᠭᠠᠯᠲᠠ ᠶᠢᠨ ᠴᠡᠭ ᠲᠤ ᠬᠦᠷᠬᠦ ᠵᠠᠮ ᠱᠣᠭᠤᠮ ᠢ ᠤᠷᠢᠳᠴᠢᠯᠠᠨ ᠰᠠᠶᠢᠨ ᠮᠡᠳᠡᠵᠦ ᠠᠪᠤᠨ᠎ᠠ᠃ 6 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨᠠᠬᠢ 16᠄ 00 - 17᠄ 30 ᠳᠤ᠂ ᠰᠢᠯᠭᠠᠭᠤᠯᠬᠤ ᠦᠶ᠎ᠡ ᠶᠢᠨ ᠬᠤᠪᠴᠠᠰᠤ ᠪᠠ ᠱᠠᠬᠠᠢ ᠪᠠᠨ ᠡᠮᠦᠰᠴᠦ᠂ ᠰᠢᠯᠭᠠᠯᠲᠠ ᠳᠤ ᠬᠡᠷᠡᠭᠯᠡᠬᠦ ᠪᠢᠴᠢᠭ ᠤᠨ ᠬᠡᠷᠡᠭᠰᠡᠯ ᠢᠶᠠᠨ ᠠᠪᠴᠤ ᠰᠢᠯᠭᠠᠯᠲᠠ ᠶᠢᠨ ᠴᠡᠭ ᠤᠨ ᠡᠭᠦᠳᠡᠨ ᠳᠤ ᠰᠢᠯᠭᠠᠯᠲᠠ ᠶᠢᠨ ᠴᠡᠭ ᠲᠤ ᠣᠷᠣᠬᠤ ᠠᠮᠤᠷ ᠲᠦᠪᠰᠢᠨ ᠤ ᠪᠠᠶᠢᠴᠠᠭᠠᠯᠲᠠ ᠶᠢᠨ ᠰᠣᠷᠢᠯᠲᠠ ᠶᠢ ᠬᠢᠨ᠎ᠡ᠂ ᠭᠡᠬᠦ ᠳᠤ ᠪᠠᠨ ᠰᠢᠯᠭᠠᠯᠲᠠ ᠶᠢᠨ ᠲᠠᠯᠠᠪᠠᠢ  ᠶᠢᠨ ᠠᠰᠠᠷ ᠲᠤ ᠣᠷᠣᠵᠤ ᠪᠣᠯᠬᠤ ᠦᠭᠡᠢ᠃ ᠰᠣᠷᠢᠯᠲᠠ ᠶᠢᠨ ᠦᠶ᠎ᠡ ᠳᠤ ᠰᠡᠷᠡᠮᠵᠢ ᠶᠢᠨ ᠳᠣᠬᠢᠶ᠎ᠠ ᠥᠭᠭᠦᠭᠰᠡᠨ ᠬᠤᠪᠴᠠᠰᠤ ᠶᠢ ᠰᠢᠯᠭᠠᠯᠲᠠ ᠶᠢᠨ ᠦᠶ᠎ᠡ ᠳᠤ ᠡᠮᠦᠰᠬᠦ ᠪᠤᠶᠤ ᠠᠪᠴᠤ ᠣᠷᠣᠵᠤ ᠪᠣᠯᠬᠤ ᠦᠭᠡᠢ᠃      6. ᠠᠮᠤᠷ ᠲᠦᠪᠰᠢᠨ ᠤ ᠪᠠᠶᠢᠴᠠᠭᠠᠯᠲᠠ ᠪᠠ ᠪᠡᠶ᠎ᠡ ᠶᠢᠨ ᠬᠢᠷᠢ ᠬᠡᠮ ᠤᠨ ᠪᠠᠶᠢᠴᠠᠭᠠᠯᠲᠠ ᠶᠢ ᠬᠠᠮᠵᠢᠯᠴᠠᠨ ᠰᠠᠶᠢᠲᠤᠷ ᠬᠢᠨ᠎ᠡ      ᠰᠢᠯᠭᠠᠭᠤᠯᠤᠭᠴᠢ ᠡᠷᠬᠡᠪᠰᠢ ᠰᠢᠯᠭᠠᠯᠲᠠ ᠡᠬᠢᠯᠡᠬᠦ ᠠᠴᠠ 45 ᠮᠢᠨᠦ᠋ᠲ ᠤᠨ ᠡᠮᠦᠨ᠎ᠡ ᠰᠢᠯᠭᠠᠯᠲᠠ ᠶᠢᠨ ᠴᠡᠭ ᠲᠤ ᠬᠦᠷᠴᠦ᠂ ᠪᠠᠶᠢᠴᠠᠭᠠᠯᠲᠠ ᠶᠢ ᠥᠩᠭᠡᠷᠡᠭᠰᠡᠨ ᠤ ᠳᠠᠷᠠᠭ᠎ᠠ ᠰᠠᠶ᠋ᠢ ᠰᠢᠯᠭᠠᠯᠲᠠ ᠶᠢᠨ ᠴᠡᠭ ᠪᠠ ᠰᠢᠯᠭᠠᠯᠲᠠ ᠶᠢᠨ ᠲᠠᠯᠠᠪᠠᠢ ᠳᠤ ᠣᠷᠣᠵᠤ ᠪᠣᠯᠤᠨ᠎ᠠ᠃ ᠲᠣᠭᠲᠠᠭᠰᠠᠨ ᠴᠠᠭ ᠲᠤ ᠰᠢᠯᠭᠠᠯᠲᠠ ᠶᠢᠨ ᠴᠡᠭ ᠲᠤ ᠬᠦᠷᠴᠦ ᠲᠡᠶᠢᠯᠦᠭᠰᠡᠨ ᠦᠭᠡᠢ᠂ ᠪᠠᠶᠢᠴᠠᠭᠠᠯᠲᠠ ᠠᠴᠠ ᠪᠣᠯᠵᠣ ᠰᠢᠯᠭᠠᠯᠲᠠ ᠶᠢᠨ ᠴᠠᠭ ᠠᠴᠠ ᠣᠷᠣᠶᠢᠲᠠᠭᠰᠠᠨ ᠪᠣᠯ᠂ ᠬᠠᠷᠢᠭᠤᠴᠠᠯᠭ᠎ᠠ ᠶᠢ ᠰᠢᠯᠭᠠᠭᠤᠯᠤᠭᠴᠢ ᠡᠭᠦᠷᠭᠡᠯᠡᠨ᠎ᠡ᠃ ᠰᠢᠯᠭᠠᠯᠲᠠ ᠶᠢᠨ ᠴᠡᠭ ᠲᠤ ᠣᠷᠣᠬᠤ ᠠᠴᠠ ᠡᠮᠦᠨ᠎ᠡ᠂ ᠰᠢᠯᠭᠠᠯᠲᠠ ᠳᠤ ᠬᠤᠯᠪᠤᠭᠳᠠᠬᠤ ᠦᠭᠡᠢ ᠪᠣᠳᠠᠰ ᠢ ᠤᠷᠢᠳᠴᠢᠯᠠᠨ ᠰᠢᠯᠭᠠᠯᠲᠠ ᠶᠢᠨ ᠶᠠᠪᠤᠳᠠᠯ ᠤᠨ ᠠᠵᠢᠯᠲᠠᠨ ᠳᠤ ᠲᠤᠰᠢᠶᠠᠵᠤ᠂ ᠰᠢᠯᠭᠠᠯᠲᠠ ᠶᠢᠨ ᠶᠠᠪᠤᠳᠠᠯ ᠤᠨ ᠠᠵᠢᠯᠲᠠᠨ ᠤ ᠲᠡᠮᠦᠷᠯᠢᠭ ᠬᠠᠶᠢᠭᠤᠷ ᠬᠡᠷᠡᠭᠰᠡᠯ ᠢᠶᠠᠷ ᠪᠡᠶ᠎ᠡ ᠶᠢᠨ ᠪᠠᠶᠢᠴᠠᠭᠠᠯᠲᠠ ᠬᠢᠬᠦ ᠶᠢ ᠤᠬᠠᠮᠰᠠᠷ ᠠᠴᠠ ᠪᠠᠨ ᠬᠦᠯᠢᠶᠡᠵᠦ᠂ ᠬᠢᠷᠢ ᠲᠡᠩᠴᠡᠭᠰᠡᠨ ᠤ ᠳᠠᠷᠠᠭ᠎ᠠ ᠳᠠᠬᠢᠨ ᠣᠶᠤᠨᠴᠢ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠳᠡᠨ ᠳᠤ ᠠᠮᠤᠷ ᠲᠦᠪᠰᠢᠨ ᠤ ᠪᠠᠶᠢᠴᠠᠭᠠᠯᠲᠠ ᠶᠢ ᠬᠦᠯᠢᠶᠡᠬᠦ ᠬᠡᠷᠡᠭᠲᠡᠢ᠃ ᠪᠠᠶᠢᠴᠠᠭᠠᠯᠲᠠ ᠶᠢᠨ ᠶᠠᠪᠤᠴᠠ ᠳᠤ ᠰᠡᠵᠢᠭᠯᠡᠯᠲᠡᠢ ᠪᠣᠳᠠᠰ ᠠᠪᠴᠤ ᠶᠠᠪᠤᠭ᠎ᠠ᠂ ᠬᠡᠪ ᠤᠨ ᠪᠤᠰᠤ ᠭᠡᠬᠦ ᠰᠠᠨᠠᠭᠤᠯᠤᠮᠵᠢ ᠭᠠᠷᠭᠠᠭᠰᠠᠨ ᠵᠡᠷᠭᠡ ᠪᠠᠶᠢᠳᠠᠯ ᠲᠠᠢ ᠰᠢᠯᠭᠠᠭᠤᠯᠤᠭᠴᠢ ᠡᠷᠬᠡᠪᠰᠢ ᠪᠣᠳᠠᠰ ᠢ ᠲᠤᠰᠢᠶᠠᠭᠰᠠᠨ ᠤ ᠳᠠᠷᠠᠭ᠎ᠠ ᠳᠠᠬᠢᠨ ᠨᠢᠭᠡ ᠤᠳᠠᠭ᠎ᠠ ᠬᠥᠮᠦᠨ ᠪᠠ ᠪᠣᠳᠠᠰ  ᠢ ᠲᠤᠰ ᠲᠤᠰ ᠪᠠᠶᠢᠴᠠᠭᠠᠬᠤ ᠶᠢ ᠬᠥᠯᠢᠶᠡᠵᠦ᠂ ᠬᠡᠪ ᠤᠨ ᠪᠤᠰᠤ ᠰᠡᠷᠡᠮᠵᠢ ᠶᠢᠨ ᠳᠣᠬᠢᠶ᠎ᠠ ᠥᠭᠭᠦᠭᠰᠡᠨ ᠦᠭᠡᠢ ᠪᠣᠯ ᠰᠠᠶ᠋ᠢ ᠥᠩᠭᠡᠷᠡᠵᠦ ᠪᠣᠯᠤᠨ᠎ᠠ᠃ ᠳᠠᠬᠢᠨ ᠳᠠᠪᠲᠠᠨ ᠠᠮᠤᠷ ᠲᠦᠪᠰᠢᠨ ᠤ ᠪᠠᠶᠢᠴᠠᠭᠠᠯᠲᠠ ᠬᠢᠭᠰᠡᠨ ᠤ ᠳᠠᠷᠠᠭ᠎ᠠ ᠲᠥᠬᠦᠭᠡᠷᠦᠮᠵᠢ ᠨᠢ ᠮᠥᠨ ᠬᠦ ᠰᠡᠷᠡᠮᠵᠢ ᠶᠢᠨ ᠳᠣᠬᠢᠶ᠎ᠠ ᠥᠭᠬᠦ ᠪᠤᠶᠤ ᠪᠤᠰᠤᠳ ᠰᠡᠵᠢᠭᠯᠡᠯᠲᠡᠢ ᠪᠠᠶᠢᠳᠠᠯ ᠲᠠᠢ᠂ ᠬᠡᠪ ᠤᠨ ᠠᠮᠤᠷ ᠲᠦᠪᠰᠢᠨ ᠤ ᠪᠠᠶᠢᠴᠠᠭᠠᠯᠲᠠ ᠬᠢᠬᠦ  ᠶᠢᠨ ᠠᠷᠭ᠎ᠠ ᠦᠭᠡᠢ ᠪᠣᠯ᠂ ᠰᠢᠯᠭᠠᠭᠤᠯᠤᠭᠴᠢ ᠲᠠᠢ ᠠᠳᠠᠯᠢ ᠬᠦᠢᠰᠦ ᠶᠢᠨ ᠪᠤᠰᠤᠳ ᠬᠤᠶᠠᠷ ᠠᠴᠠ ᠳᠡᠭᠡᠭᠰᠢ ᠠᠵᠢᠯᠲᠠᠨ ᠬᠠᠮᠲᠤ ᠪᠠᠶᠢᠴᠠᠭᠠᠬᠤ ᠬᠡᠷᠡᠭᠲᠡᠢ᠃ ᠬᠡᠷᠪᠡ ᠴᠢᠬᠤᠯᠠ ᠲᠠᠢ ᠪᠣᠯ ᠪᠠᠶᠢᠴᠠᠭᠠᠯᠲᠠ ᠶᠢ ᠳᠠᠬᠢᠨ ᠪᠠᠶᠢᠴᠠᠭᠠᠬᠤ ᠲᠠᠰᠤᠭ ᠲᠤ ᠲᠣᠬᠢᠷᠠᠭᠤᠯᠤᠨ ᠬᠢᠵᠦ ᠪᠣᠯᠤᠨ᠎ᠠ᠃ ᠳᠡᠭᠡᠷ᠎ᠡ ᠳᠤᠷᠠᠳᠤᠭᠰᠠᠨ ᠪᠠᠶᠢᠴᠠᠭᠠᠯᠲᠠ ᠰᠢᠯᠭᠠᠯᠲᠠ ᠶᠢᠨ ᠴᠠᠭ ᠢ ᠰᠠᠭᠠᠲᠠᠭᠠᠭᠰᠠᠨ ᠪᠣᠯ᠂ ᠬᠠᠷᠢᠭᠤᠴᠠᠯᠭ᠎ᠠ ᠶᠢ ᠰᠢᠯᠭᠠᠭᠤᠯᠤᠭᠴᠢ           ᠡᠭᠦᠷᠭᠡᠯᠡᠨ᠎ᠡ᠃ ᠪᠠᠶᠢᠴᠠᠭᠠᠯᠲᠠ ᠶᠢ ᠥᠩᠭᠡᠷᠡᠭᠰᠡᠨ ᠤ ᠳᠠᠷᠠᠭ᠎ᠠ᠂ ᠮᠥᠷᠯᠡᠨ ᠪᠡᠶ᠎ᠡ‌‍ᠶᠢᠨ ᠬᠢᠷᠢ ᠭᠡᠮ ᠤᠨ ᠪᠠᠶᠢᠴᠠᠭᠠᠯᠲᠠ ᠬᠢᠨ᠎ᠡ᠃ ᠰᠢᠯᠭᠠᠨ ᠪᠠᠲᠤᠯᠠᠭᠰᠠᠨ ᠤ ᠳᠠᠷᠠᠭ᠎ᠠ᠂ ᠰᠢᠯᠭᠠᠬᠤ ᠲᠡᠮᠳᠡᠭ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠷ ᠰᠢᠯᠭᠠᠯᠲᠠ ᠶᠢᠨ ᠲᠠᠯᠠᠪᠠᠢ ᠳᠤ ᠣᠷᠣᠨ᠎ᠠ᠃ ᠰᠢᠯᠭᠠᠯᠲᠠ ᠶᠢᠨ ᠲᠠᠯᠠᠪᠠᠢ ᠳᠤ ᠣᠷᠣᠬᠤ ᠠᠴᠠ ᠡᠮᠦᠨ᠎ᠡ᠂ ᠰᠢᠯᠭᠠᠯᠲᠠ ᠬᠢᠨᠠᠭᠴᠢ ᠶᠢᠨ ᠪᠡᠶ᠎ᠡ ᠶᠢᠨ ᠬᠢᠷᠢ ᠭᠡᠮ ᠤᠨ ᠪᠠᠶᠢᠴᠠᠭᠠᠯᠲᠠ ᠪᠠ ᠲᠡᠮᠦᠷᠯᠢᠭ ᠬᠠᠶᠢᠭᠤᠷ ᠬᠡᠷᠡᠭᠰᠡᠯ ᠢᠶᠠᠷ ᠪᠠᠶᠢᠴᠠᠭᠠᠬᠤ  ᠶᠢ ᠳᠠᠬᠢᠨᠲᠠ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号