ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠪᠠᠷ ᠥᠪᠥᠷ ᠮᠣᠩᠭᠤᠯ ᠤᠨ 32 ᠰᠤᠷᠭᠠᠭᠤᠯᠢ ᠰᠣᠩᠭᠤᠭᠳᠠᠪᠠ
ᠨᠡᠶᠢᠲᠡᠯᠡᠭᠰᠡᠨ ᠴᠠᠭ᠄
2025/6/5
      ︽ᠳᠤᠮᠳᠠᠳᠤ ᠤᠯᠤᠰ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠶᠡᠷᠦᠩᠬᠡᠢ ᠲᠥᠰᠦᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢ ᠬᠥᠭᠵᠢᠭᠦᠯᠬᠦ ᠲᠤᠬᠠᠢ ᠭᠤᠣᠯᠳᠠᠯᠭ᠎ᠠ ᠲᠠᠢ ᠡᠭᠦᠷᠭᠡ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠴᠢᠨᠠᠷᠯᠢᠭ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ︽ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ 2024 ᠣᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢ ᠮᠡᠳᠡᠭᠦᠯᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ ᠰᠤᠷᠭᠠᠭᠤᠯᠢ ᠪᠡᠶ᠎ᠡ ᠪᠠᠨ ᠳᠠᠭᠠᠭᠠᠵᠤ ᠮᠡᠳᠡᠭᠦᠯᠬᠦ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ᠂ ᠮᠤᠵᠢ  ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠪᠠᠶᠢᠴᠠᠭᠠᠵᠤ ᠲᠠᠨᠢᠯᠴᠠᠭᠤᠯᠬᠤ᠂ ᠨᠡᠶᠢᠭᠡᠮ ᠳᠡᠭᠡᠷ᠎ᠡ ᠢᠯᠡ ᠨᠡᠶᠢᠲᠡᠯᠡᠬᠦ ᠪᠠᠷ ᠳᠠᠮᠵᠢᠨ᠂ ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢ 5889 ᠮᠠᠭᠠᠳᠯᠠᠨ ᠲᠣᠭᠲᠠᠭᠠᠬᠤ ᠶᠢᠨ ᠬᠠᠮᠲᠤ ᠢᠯᠡ ᠨᠡᠶᠢᠲᠡᠯᠡᠪᠡ᠂ ᠥᠪᠥᠷ ᠮᠣᠩᠭᠤᠯ ᠠᠴᠠ 32 ᠰᠤᠷᠭᠠᠭᠤᠯᠢ ᠰᠣᠩᠭᠤᠭᠳᠠᠪᠠ᠃ ᠬᠠᠮᠲᠤ ᠳᠤ ᠪᠠᠨ ᠦᠵᠡᠵᠡᠭᠡᠶ᠎ᠡ —          2024 ᠣᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ           ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢᠨ ᠨᠡᠷᠡᠰ           ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ︶

1.png

 

2.png

3.png

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号