ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠭᠢᠯᠭᠠᠨ ᠮᠡᠳᠡᠭᠡ 6 ᠰᠠᠷ᠎ᠠ ᠶᠢᠨ 1 ᠤ | ᠡᠳᠦᠷ ᠬᠡᠪᠯᠡᠭᠳᠡᠭᠰᠡᠨ 11 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠰᠤᠷᠭᠠᠨ ᠬᠥᠮᠦᠵᠢᠯ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠭᠤᠷᠢ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠪᠢᠳᠡ ᠰᠤᠷᠭᠠᠨ ᠬᠥᠮᠦᠵᠢᠯ ᠢ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠤᠯᠭᠠᠬᠤ ᠶᠢ | ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠬᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠭᠠᠷᠭᠠᠵᠤ᠂ 2035 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠲᠡᠮᠡᠴᠡᠯ ᠤᠨ ᠬᠠᠷᠠᠯᠲᠠ ᠶᠢ ᠲᠣᠭᠲᠠᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ | ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ | ᠭᠠᠷᠬᠤ ᠶᠢ ᠠᠬᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠪᠢᠳᠡᠨ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠮᠥᠨ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠳᠠᠭᠠᠭᠤᠯᠬᠤ ᠬᠦᠴᠦᠨ᠂ | ᠴᠢᠳᠠᠪᠤᠷᠢᠲᠠᠨ ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ | ᠬᠦᠴᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ | ᠳᠡᠯᠡᠬᠡᠢ ᠳᠤ ᠨᠥᠯᠥᠭᠡᠯᠡᠬᠦ ᠬᠦᠴᠦᠨ ᠲᠠᠢ ᠪᠠᠶᠢᠪᠠᠯ ᠵᠣᠬᠢᠨ᠎ᠠ᠃ ᠡᠶᠢᠮᠦᠷᠬᠦᠦ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠳᠤ᠂ ᠡᠷᠬᠡᠪᠰᠢ ᠦᠨᠳᠦᠰᠦ ᠶᠢ ᠪᠠᠬᠢᠵᠢᠭᠦᠯᠵᠦ ᠰᠦᠭ ᠰᠦᠨᠡᠰᠦ ᠶᠢ ᠱᠤᠭᠤᠬᠤ | ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠢᠰᠲ᠋ᠧᠮ᠂ ᠲᠥᠪ ᠭᠤᠣᠯᠴᠢ ᠴᠢᠨᠠᠷ ᠰᠠᠶᠢᠲᠠᠢ ᠰᠠᠭᠤᠷᠢ | ᠰᠤᠷᠭᠠᠨ ᠬᠥᠮᠦᠵᠢᠯ ᠤᠨ ᠰᠢᠰᠲ᠋ᠧᠮ᠂ ᠥᠪᠡᠷ ᠢ ᠪᠠᠨ ᠬᠦᠴᠦᠷᠬᠡᠭᠵᠢᠭᠦᠯᠵᠦ ᠭᠠᠷᠮᠠᠭᠠᠢ ᠠᠮᠵᠢᠯᠲᠠ ᠪᠦᠲᠦᠮᠵᠢ | ᠣᠯᠣᠭᠰᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ᠂ ᠦᠢᠯᠡᠳᠪᠦᠷᠢᠯᠡᠯ ᠵᠢᠭᠠᠨ ᠰᠤᠷᠭᠠᠯᠲᠠ ᠶᠢ | ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ᠂ ᠲᠦᠭᠡᠮᠡᠯ ᠬᠠᠷᠠᠭᠠᠯᠵᠠᠯᠲᠤ | ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠰᠢᠰᠲ᠋ᠧᠮ᠂ ᠰᠢᠨ᠎ᠡ ᠶᠢ ᠡᠭᠦᠳᠴᠦ ᠬᠥᠲᠥᠯᠥᠨ ᠳᠠᠭᠠᠭᠤᠯᠬᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠰᠢᠰᠲ᠋ᠧᠮ᠂ ᠬᠡᠪ ᠪᠣᠯᠪᠠᠰᠤᠷᠠᠯ ᠰᠢᠯᠢᠳᠡᠭ ᠰᠠᠶᠢᠨ | ᠪᠠᠭᠰᠢ ᠶᠢᠨ ᠡᠩᠨᠡᠭᠡ ᠶᠢᠨ ᠰᠢᠰᠲ᠋ᠧᠮ᠂ ᠨᠡᠭᠡᠭᠡᠯᠲᠡᠲᠡᠢ ᠬᠠᠷᠢᠯᠴᠠᠨ ᠲᠣᠯᠢ ᠪᠤᠯᠭᠠᠬᠤ ᠤᠯᠠᠨ ᠤᠯᠤᠰ ᠤᠨ | ᠬᠠᠮᠲᠤᠷᠠᠯᠴᠠᠭᠠᠨ ᠤ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠠᠷᠢᠨ | ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠰᠤᠷᠭᠠᠨ ᠬᠥᠮᠦᠵᠢᠯ ᠤᠨ ᠤᠯᠤᠰ ᠲᠦᠷᠦ ᠶᠢᠨ ᠰᠢᠨᠵᠢ ᠴᠢᠨᠠᠷ᠂ | ᠠᠷᠠᠳ ᠲᠦᠮᠡᠨ ᠤ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠦᠭᠦ ᠲᠠᠯ᠎ᠠ ᠪᠠᠷ ᠡᠵᠡᠮᠳᠡᠵᠦ᠂ | ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠶᠢᠨ ᠬᠠᠷᠢᠴᠠᠭ᠎ᠠ᠂ ᠮᠡᠳᠡᠯᠭᠡ ᠶᠢᠨ ᠰᠤᠷᠤᠯᠴᠠᠯᠭ᠎ᠠ ᠪᠠ ᠪᠦᠭᠦ ᠲᠠᠯ᠎ᠠ ᠶᠢᠨ ᠬᠥᠭᠵᠢᠯᠲᠡ ᠶᠢᠨ ᠬᠠᠷᠢᠴᠠᠭ᠎ᠠ᠂ | ᠴᠢᠳᠠᠪᠤᠷᠢᠲᠠᠨ ᠢ ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ ᠬᠠᠩᠭᠠᠬᠤ ᠶᠢᠨ ᠬᠠᠷᠢᠴᠠᠭ᠎ᠠ᠂ ᠡᠮᠬᠢ ᠵᠢᠷᠤᠮ ᠲᠠᠢ | ᠪᠠᠶᠢᠯᠭᠠᠬᠤ ᠪᠠ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠬᠠᠷᠢᠴᠠᠭ᠎ᠠ᠂ ᠳᠤᠮᠳᠠᠳᠤ ᠤᠯᠤᠰ ᠤᠨ ᠡᠬᠡ ᠭᠠᠵᠠᠷ ᠲᠤ | ᠦᠨᠳᠦᠰᠦᠯᠡᠬᠦ ᠪᠠ ᠤᠯᠠᠨ ᠤᠯᠤᠰ ᠤᠨ ᠲᠤᠷᠰᠢᠯᠭ᠎ᠠ ᠪᠠᠷ ᠲᠣᠯᠢ ᠪᠤᠯᠭᠠᠬᠤ ᠶᠢᠨ ᠬᠠᠷᠢᠴᠠᠭ᠎ᠠ ᠶᠢ ᠵᠥᠪ ᠰᠢᠢᠳᠪᠦᠷᠢᠯᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠲᠣᠭᠲᠠᠭᠰᠠᠨ ᠬᠤᠭᠤᠴᠠᠭᠠᠨ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠳᠤ ᠡᠭᠦᠷᠭᠡ ᠬᠦᠨᠳᠦ ᠪᠠᠶᠢᠨ᠎ᠠ᠂ ᠴᠠᠭ ᠪᠢᠳᠡᠨ ᠢ ᠬᠦᠯᠢᠶᠡᠬᠦ ᠦᠭᠡᠢ᠃ ᠨᠢᠭᠡᠳᠦᠭᠡᠷ ᠲᠤ᠂ ᠶᠣᠰᠣ | ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠡᠷᠡᠰ ᠭᠤᠶᠢᠪᠢᠰᠢ ᠦᠭᠡᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠣᠨ ᠨᠠᠮ ᠤᠨ ᠰᠢᠨ᠎ᠡ | ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠰᠢᠨ᠎ᠡ | ᠡᠭᠦᠳᠦᠯᠲᠡ ᠶᠢᠨ ᠤᠨᠤᠯ ᠤᠨ ᠰᠢᠰᠲ᠋ᠧᠮᠵᠢᠭᠰᠡᠨ ᠣᠨᠣᠯᠵᠢᠨ ᠶᠣᠰᠣᠵᠢᠭᠰᠠᠨ ᠰᠤᠳᠤᠯᠭᠠᠨ ᠲᠠᠶᠢᠯᠪᠤᠷᠢᠯᠠᠯᠲᠠ ᠶᠢ | ᠴᠢᠩᠭᠠᠳᠬᠠᠵᠤ᠂ ᠡᠯ᠎ᠡ ᠰᠢᠨᠵᠢᠯᠡᠭᠡᠨ ᠤ ᠰᠠᠯᠠᠭ᠎ᠠ ᠶᠢᠨ ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ᠂ ᠤᠤᠭᠠᠯ | ᠡᠭᠦᠳᠦᠯᠲᠡ ᠶᠢᠨ ᠴᠢᠨᠠᠷᠲᠠᠢ ᠤᠨᠤᠯ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠭᠦᠨ ᠤᠬᠠᠭᠠᠨ ᠨᠡᠶᠢᠭᠡᠮ ᠤᠨ | ᠰᠢᠨᠵᠢᠯᠡᠬᠦ ᠤᠬᠠᠭᠠᠨ ᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠦᠢᠯᠡᠳᠦᠯᠭᠡ | ᠪᠠᠷ ᠬᠥᠮᠥᠨ ᠢ ᠬᠥᠮᠥᠵᠢᠭᠦᠯᠬᠦ ᠪᠠ ᠰᠦᠯᠵᠢᠶ᠎ᠡ ᠪᠠᠷ ᠬᠥᠮᠥᠨ ᠢ ᠬᠥᠮᠥᠵᠢᠭᠦᠯᠬᠦ ᠣᠷᠣᠨ ᠵᠠᠢ ᠪᠠ ᠵᠢᠭᠰᠠᠭᠠᠯ ᠤᠨ | ᠭᠠᠵᠠᠷ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠪᠠ ᠴᠢᠳᠠᠪᠤᠷᠢᠲᠠᠨ ᠳᠤ ᠦᠵᠡᠭᠦᠯᠭᠦ ᠰᠤᠷᠭᠠᠨ ᠬᠥᠮᠦᠵᠢᠯ ᠤᠨ ᠲᠤᠯᠭᠠᠭᠤᠷᠢᠯᠠᠬᠤ ᠦᠢᠯᠡᠳᠦᠯ ᠢ | ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ | ᠰᠠᠶᠢᠨ ᠣᠷᠴᠢᠯ ᠢ ᠠᠬᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ | ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ | ᠲᠥᠯᠥᠪᠵᠢᠭᠦᠯᠦᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ | ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ᠂ ᠤᠯᠤᠰ ᠤᠨ ᠪᠠᠶᠢᠯᠳᠤᠬᠤ ᠪᠣᠳᠣᠯᠭ᠎ᠠ ᠶᠢᠨ | ᠬᠡᠷᠡᠭᠴᠡᠭᠡ ᠪᠠᠷ ᠬᠥᠲᠥᠯᠥᠮᠵᠢ ᠪᠤᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠲᠥᠷᠥᠯ ᠤᠨ | ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠲᠣᠭᠲᠠᠴᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ | ᠲᠡᠭᠦᠯᠳᠡᠷᠵᠢᠭᠦᠯᠬᠦ ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠪᠤᠶᠢᠵᠢᠭᠤᠯᠤᠨ | ᠪᠤᠵᠠᠭᠠᠶᠢᠷᠠᠭᠤᠯᠬᠤ ᠬᠡᠷᠡᠭᠲᠡᠢ᠃ ᠭᠤᠷᠪᠠᠳᠤᠭᠠᠷ ᠲᠤ᠂ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ | ᠦᠢᠯᠡᠴᠢᠯᠡᠭᠡᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠠᠷᠠᠳ ᠲᠦᠮᠡᠨ ᠢᠶᠠᠷ ᠭᠤᠣᠯ | ᠪᠤᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ | ᠬᠠᠷᠠᠭᠠᠯᠵᠠᠯᠲᠤ ᠴᠢᠨᠠᠷ᠂ ᠬᠦᠷᠦᠯᠴᠡᠬᠦ ᠴᠢᠨᠠᠷ᠂ ᠳᠥᠭᠦᠮ ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠠᠩ | ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ︽ᠬᠤᠶᠠᠷ ᠢ ᠬᠥᠩᠭᠡᠷᠡᠭᠦᠯᠦᠭᠰᠡᠨ︾ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠯᠳᠠ ᠶᠢᠨ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠨᠠᠰᠤᠨ ᠲᠤᠷᠰᠢᠲᠠ ᠶᠢᠨ ᠰᠤᠷᠤᠯᠴᠠᠯᠭ᠎ᠠ ᠶᠢᠨ ᠣᠯᠠᠨ ᠨᠡᠶᠢᠲᠡ ᠶᠢᠨ | ᠦᠢᠯᠡᠴᠢᠯᠡᠭᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠳᠥᠷᠪᠡᠳᠦᠭᠡᠷ ᠲᠤ᠂ ᠰᠢᠨ᠎ᠡ ᠴᠠᠭ ᠦᠶ᠎ᠡ ᠶᠢᠨ | ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠦᠨ ᠪᠤᠶᠢᠵᠢᠭᠤᠯᠬᠤ ᠬᠡᠷᠡᠭᠲᠡᠢ᠃ ᠰᠤᠷᠭᠠᠨ | ᠬᠥᠮᠥᠵᠢᠯᠲᠡᠨ ᠤ ᠵᠣᠷᠢᠭ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠪᠠᠭᠰᠢ ᠶᠢ ᠬᠦᠴᠦᠷᠬᠡᠭᠵᠢᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠪᠠᠭᠰᠢ ᠶᠢ ᠬᠥᠮᠥᠵᠢᠭᠦᠯᠵᠦ ᠪᠤᠯᠪᠠᠰᠤᠷᠠᠭᠤᠯᠬᠤ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠠᠭᠰᠢ ᠶᠢᠨ | ᠬᠠᠮᠢᠶᠠᠷᠤᠯᠲᠠ ᠪᠣᠯᠣᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠬᠦ | ᠬᠡᠷᠡᠭᠲᠡᠢ᠃ ᠪᠠᠭᠰᠢ ᠶᠢᠨ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ | ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠨᠠᠷ ᠲᠤ ᠡᠷᠬᠢᠮ ᠳᠡᠭᠡᠳᠦ ᠨᠡᠶᠢᠭᠡᠮ ᠤᠨ ᠨᠡᠷ᠎ᠡ | ᠬᠦᠨᠳᠦ ᠬᠦᠷᠲᠡᠭᠡᠵᠦ᠂ ᠨᠡᠶᠢᠭᠡᠮ ᠨᠡᠶᠢᠲᠡ ᠳᠤ ᠬᠠᠮᠤᠭ ᠠᠴᠠ ᠬᠦᠨᠳᠦᠳᠬᠡᠭᠳᠡᠬᠦ ᠠᠵᠢᠯ ᠮᠡᠷᠭᠡᠵᠢᠯ ᠤᠨ ᠨᠢᠭᠡ ᠪᠤᠯᠭᠠᠬᠤ | ᠬᠡᠷᠡᠭᠲᠡᠢ᠃ ᠲᠠᠪᠤᠳᠤᠭᠠᠷ ᠲᠤ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠪᠦᠬᠦᠢ ᠴᠢᠬᠤᠯᠠ ᠰᠤᠷᠭᠠᠨ | ᠬᠥᠮᠦᠵᠢᠯ ᠤᠨ ᠲᠥᠪ ᠢ ᠪᠠᠶᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠭᠦᠨᠵᠡᠭᠡᠢ | ᠠᠬᠢᠭᠤᠯᠵᠤ᠂ ︽ᠭᠠᠳᠠᠭᠠᠳᠤ ᠠᠴᠠ ᠣᠷᠣᠭᠤᠯᠵᠤ ᠠᠪᠴᠢᠷᠠᠬᠤ︾ ᠪᠠ ︽ᠭᠠᠳᠠᠭᠠᠳᠤ ᠳᠤ ᠭᠠᠷᠴᠤ ᠶᠠᠪᠤᠬᠤ︾ ᠶᠢ | ᠨᠢᠭᠡᠳᠦᠯᠲᠡᠢ ᠲᠥᠯᠥᠪᠵᠢᠭᠦᠯᠦᠨ᠂ ᠰᠤᠷᠭᠠᠨ ᠬᠥᠮᠦᠵᠢᠯ ᠤᠨ ᠳᠡᠯᠡᠬᠡᠢ ᠳᠠᠬᠢ ᠨᠥᠯᠥᠭᠡᠯᠡᠬᠦ ᠬᠦᠴᠦᠨ᠂ ᠥᠷᠢᠰᠦᠯᠳᠦᠬᠦ | ᠬᠦᠴᠦᠨ ᠪᠠ ᠦᠭᠡ ᠬᠡᠯᠡᠬᠦ ᠡᠷᠬᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠦᠭᠦ ᠪᠥᠮᠪᠥᠷᠴᠡᠭ ᠤᠨ | ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠳᠤᠮᠳᠠᠳᠤ ᠤᠯᠤᠰ ᠤᠨ ᠬᠦᠴᠦᠨ ᠢ | ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠣᠶᠢᠷ᠎ᠠ | ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠦᠰᠡᠭᠰᠡᠭᠡᠷ ᠢᠷᠡᠭᠰᠡᠨ ᠰᠠᠶᠢᠨ ᠰᠠᠶᠢᠬᠠᠨ ᠬᠦᠰᠡᠯ | ᠡᠷᠡᠮᠡᠯᠵᠡᠯ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ | ᠬᠤᠰᠢᠭᠤᠴᠢ ᠡᠭᠦᠷᠭᠡ᠂ ᠪᠠᠲᠤ ᠪᠠᠬᠢ ᠰᠠᠭᠤᠷᠢ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠮᠥᠨ᠃ ᠢᠲᠡᠭᠡᠯ | ᠵᠣᠷᠢᠭ ᠢᠶᠠᠨ ᠪᠠᠲᠤᠳᠬᠠᠵᠤ᠂ ᠵᠣᠷᠢᠭᠲᠠᠢ ᠤᠷᠤᠭᠰᠢᠯᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ | ᠭᠡᠵᠦ ᠴᠢᠬᠤᠯᠠᠴᠢᠯᠠᠪᠠ᠃ | | |