6 ᠰᠠᠷ᠎ᠠ ᠶᠢᠨ 7 ᠤ ᠡᠳᠦᠷ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠩᠬᠠᠨ ᠤ ᠡᠳᠦᠷ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠯᠲᠠ ᠶᠢᠨ | ᠶᠠᠪᠤᠳᠠᠯ ᠤᠨ ᠠᠵᠢᠯ ᠢ ᠪᠠᠶᠢᠴᠠᠭᠠᠪᠠ᠃ | | | | | | | | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠳᠤ᠂ ᠸᠠᠩ ᠯᠢ | ᠰᠢᠶᠠ 12 ᠠᠶᠢᠮᠠᠭ ᠬᠤᠳᠠ ᠶᠢᠨ ᠵᠢᠯᠤᠭᠤᠳᠬᠤ ᠲᠥᠪ ᠲᠠᠢ ᠨᠢᠭᠡᠳ ᠨᠢᠭᠡ ᠪᠠᠷ ᠸᠢᠳᠢᠤ᠋ ᠪᠠᠷ ᠬᠤᠯᠪᠤᠭ᠎ᠠ ᠠᠪᠴᠤ᠂ | ᠰᠢᠯᠭᠠᠯᠲᠠ ᠶᠢᠨ ᠲᠠᠯᠠᠪᠠᠢ ᠶᠢᠨ ᠲᠣᠬᠢᠷᠠᠭᠤᠯᠤᠯᠲᠠ᠂ ᠰᠢᠯᠭᠠᠭᠤᠯᠤᠭᠴᠢ ᠶᠢᠨ ᠲᠤᠭ᠎ᠠ᠂ ᠲᠤᠬᠠᠢ ᠶᠢᠨ ᠭᠠᠵᠠᠷ ᠤᠨ ᠴᠠᠭ | ᠠᠭᠤᠷ ᠵᠡᠷᠭᠡ ᠪᠠᠶᠢᠳᠠᠯ ᠢ ᠯᠠᠪᠯᠠᠨ ᠠᠰᠠᠭᠤᠬᠤ ᠶᠢᠨ ᠬᠠᠮᠲᠤ ᠠᠯᠤᠰ ᠠᠴᠠ ᠰᠢᠯᠭᠠᠯᠲᠠ ᠶᠢᠨ ᠲᠠᠯᠠᠪᠠᠢ ᠶᠢ ᠲᠣᠭᠤᠷᠢᠨ | ᠪᠠᠶᠢᠴᠠᠭᠠᠪᠠ᠃ ᠲᠡᠷᠡ ᠡᠯ᠎ᠡ ᠠᠶᠢᠮᠠᠭ ᠬᠤᠲᠠ ᠶᠢᠨ ᠬᠢᠨ ᠳᠤ ᠡᠯ᠎ᠡ ᠭᠤᠭᠴᠤᠭ᠎ᠠ ᠶᠢ ᠨᠢᠭᠲᠠ ᠠᠩᠬᠠᠷᠴᠤ᠂ ᠪᠠᠲᠤᠲᠠᠢ | ᠠᠩᠬᠠᠷᠴᠤ᠂ ᠨᠠᠷᠢᠯᠢᠭ ᠠᠩᠬᠠᠷᠴᠤ᠂ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠬᠡᠨ ᠡᠴᠦᠰ ᠤᠨ ᠨᠢᠭᠡ | ᠰᠧᠺᠦ᠋ᠨ᠋ᠳ᠋ ᠭᠦᠷᠲᠡᠯ᠎ᠡ ᠪᠠᠲᠤ ᠰᠠᠬᠢᠵᠤ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠤᠷᠤᠭᠰᠢᠲᠠᠢ | ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠴᠠᠭ ᠲᠤᠬᠠᠢ ᠳᠤᠨᠢ ᠳ᠋ᠦᠩᠨᠡᠨ ᠬᠤᠷᠢᠶᠠᠩᠭᠤᠶᠢᠯᠠᠵᠤ᠂ ᠢᠯᠡᠷᠡᠭᠦᠯᠦᠭᠰᠡᠨ | ᠠᠰᠠᠭᠤᠳᠠᠯ ᠢ ᠰᠢᠢᠳᠪᠦᠷᠢᠯᠡᠨ᠂ ᠴᠢᠬᠤᠯᠠ ᠪᠠᠶᠢᠳᠠᠯ ᠢ ᠲᠡᠷᠡ ᠳᠠᠷᠤᠢ ᠳᠤᠨᠢ ᠥᠪᠡᠷᠲᠡᠭᠡᠨ ᠵᠠᠰᠠᠬᠤ ᠣᠷᠣᠨ ᠳᠤ | ᠮᠡᠳᠡᠭᠦᠯᠬᠦ ᠬᠡᠷᠡᠭᠲᠡᠢ ᠭᠡᠵᠦ ᠵᠠᠬᠢᠪᠠ᠃ | | | | | | ᠸᠠᠩ ᠯᠢ ᠰᠢᠶᠠ ᠲᠠᠷᠠᠭ᠎ᠠ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠵᠢᠯᠤᠭᠤᠳᠬᠤ ᠲᠥᠪ ᠲᠤ ᠬᠦᠷᠴᠦ᠂ ᠡᠯ᠎ᠡ ᠰᠢᠯᠭᠠᠯᠲᠠ ᠶᠢᠨ ᠴᠡᠭ ᠤᠨ ᠡᠷᠭᠢᠨ ᠲᠣᠭᠤᠷᠢᠨ ᠤ ᠬᠢᠨᠠᠨ ᠡᠵᠡᠮᠳᠡᠵᠦ | ᠪᠠᠶᠢᠭ᠎ᠠ ᠲᠤᠬᠠᠢ ᠶᠢᠨ ᠴᠠᠭ ᠤᠨ ᠵᠢᠷᠤᠭ ᠳᠦᠷᠰᠦ ᠶᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠵᠤ᠂ ᠵᠠᠮ | ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ᠂ ᠠᠮᠤᠷ ᠲᠦᠪᠰᠢᠨ ᠤ ᠬᠠᠮᠠᠭᠠᠯᠠᠯᠲᠠ᠂ ᠦᠢᠯᠡᠴᠢᠯᠡᠭᠡ ᠪᠠᠲᠤᠯᠠᠭ᠎ᠠ ᠵᠡᠷᠭᠡ | ᠪᠠᠶᠢᠳᠠᠯ ᠢ ᠪᠠᠶᠢᠴᠠᠭᠠᠨ ᠦᠵᠡᠵᠦ᠂ ᠡᠮᠦᠨ᠎ᠡ ᠹᠷᠣᠨᠲ ᠤᠨ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ ᠨᠠᠷ ᠢ ᠲᠣᠬᠤᠨᠢᠭᠤᠯᠵᠤ ᠪᠠᠶᠢᠬᠤ ᠪᠠᠨ ᠢᠯᠡᠳᠬᠡᠵᠦ᠂ ᠤᠯᠠᠨ ᠢ ᠠᠵᠢᠯᠯᠠᠬᠤ ᠡᠷᠴᠢᠮ ᠢᠶᠠᠨ ᠪᠠᠲᠤᠯᠠᠵᠤ᠂ | ᠪᠦᠭᠦ ᠰᠡᠳᠬᠢᠯ ᠪᠦᠭᠦ ᠵᠣᠷᠢᠭ ᠢᠶᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠠᠮᠤᠷ ᠲᠦᠪᠰᠢᠨ ᠡᠮᠬᠢ ᠵᠢᠷᠤᠮ ᠲᠠᠢ | ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠦᠭᠦ ᠬᠦᠴᠦᠨ ᠢᠶᠠᠷ ᠢᠶᠠᠨ ᠪᠤᠢ ᠪᠤᠯᠭᠠᠵᠤ᠂ | ᠰᠢᠯᠭᠠᠭᠤᠯᠤᠭᠰᠠᠳ ᠢ ᠰᠡᠳᠬᠢᠯ ᠲᠠᠶᠢᠪᠤᠩ᠂ ᠭᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ ᠭᠡᠵᠦ | ᠵᠣᠷᠢᠭᠵᠢᠭᠤᠯᠪᠠ᠃ | ᠪᠦᠦ ᠰᠢᠶᠠᠨ ᠬᠤᠸᠠ ᠣᠷᠣᠯᠴᠠᠵᠠᠢ᠃ | |