ᠪᠦᠬᠦ ᠣᠷᠣᠨ ᠤ ᠰᠤᠷᠤᠭᠴᠢ ᠶᠢ ᠳᠡᠳᠬᠦᠨ ᠲᠤᠰᠠᠯᠠᠬᠤ ᠰᠠᠯᠠᠭ᠎ᠠ ᠮᠥᠴᠢᠷ ᠰᠤᠷᠤᠯᠭ᠎ᠠ ᠶᠢ ᠳᠡᠳᠬᠦᠨ ᠰᠢᠯᠭᠠᠯᠲᠠ ᠳᠤ ᠲᠤᠰᠠᠯᠠᠬᠤ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/6/9
      ᠥᠴᠥᠭᠡᠳᠦᠷ᠂ ᠵᠢᠯ ᠳᠤ ᠨᠢᠭᠡ ᠤᠳᠠᠭ᠎ᠠ ᠶᠠᠪᠤᠭᠳᠠᠳᠠᠭ ᠡᠩ ᠤᠨ ᠳᠡᠭᠡᠳᠦ ᠰᠤᠷᠭᠠᠭᠤᠯᠢ  ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠬᠤᠭᠤᠴᠠᠭ᠎ᠠ ᠶᠣᠰᠣᠭᠠᠷ ᠶᠠᠪᠤᠭᠳᠠᠵᠤ᠂ ᠪᠦᠬᠦ ᠣᠷᠣᠨ ᠤ ᠰᠤᠷᠤᠭᠴᠢ ᠶᠢ ᠳᠡᠳᠭᠦᠨ ᠲᠤᠰᠠᠯᠠᠬᠤ ᠰᠠᠯᠠᠭ᠎ᠠ ᠮᠥᠴᠢᠷ ᠥᠷᠭᠡᠨ ᠣᠯᠠᠨ ᠪᠠᠭᠰᠢ ᠰᠤᠷᠤᠭᠴᠢ᠂ ᠭᠡᠷ ᠤᠨ ᠠᠬᠠᠮᠠᠳ ᠲᠤ ᠰᠤᠷᠤᠯᠭ᠎ᠠ ᠶᠢ ᠳᠡᠳᠬᠦᠨ ᠰᠢᠯᠭᠠᠯᠲᠠ ᠳᠤ ᠲᠤᠰᠠᠯᠠᠬᠤ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃

1.jpg

2.jpg

3.jpg

4.jpg

5.jpg

      ᠡᠯ᠎ᠡ ᠭᠠᠵᠠᠷ ᠤᠨ ᠰᠤᠷᠤᠭᠴᠢ ᠶᠢ ᠳᠡᠳᠬᠦᠨ ᠲᠤᠰᠠᠯᠠᠬᠤ ᠰᠠᠯᠠᠭ᠎ᠠ ᠮᠥᠴᠢᠷ ᠤᠨ ᠬᠢᠨ ᠡᠩ ᠤᠨ ᠳᠡᠭᠡᠳᠦ

ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠴᠡᠭ ᠲᠤ ᠵᠦᠪᠯᠡᠯᠭᠡ ᠥᠭᠬᠦ

ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠤᠬᠠᠭᠤᠯᠭ᠎ᠠ ᠶᠢᠨ ᠰᠠᠮᠪᠠᠷ᠎ᠠ ᠵᠣᠬᠢᠶᠠᠨ᠂ ᠠᠬᠤᠢ ᠲᠠᠯᠠᠪᠠᠢ ᠳᠤ

ᠰᠤᠷᠤᠭᠴᠢ ᠪᠠ ᠭᠡᠷ ᠤᠨ ᠠᠬᠠᠮᠠᠳ ᠲᠤ ᠳᠡᠳᠬᠦᠨ ᠳᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ

ᠳᠡᠪᠲᠡᠷ᠂ ᠨᠢᠭᠡ ᠬᠤᠪᠢ ᠵᠠᠬᠢᠳᠠᠯ ᠢ ᠲᠠᠷᠬᠠᠭᠠᠵᠤ᠂ ᠤᠯᠤᠰ ᠤᠨ ᠳᠡᠳᠬᠦᠨ ᠳᠤᠰᠠᠯᠠᠬᠤ ᠲᠥᠷᠥ ᠶᠢᠨ ᠪᠣᠳᠣᠯᠭ᠎ᠠ ᠶᠢ

ᠲᠠᠶᠢᠯᠪᠤᠷᠢᠯᠠᠨ᠂ ᠰᠢᠯᠭᠠᠭᠤᠯᠤᠭᠴᠢ ᠳᠤ ᠬᠦᠴᠦ ᠨᠡᠮᠡᠷᠢᠯᠡᠨ᠂ ᠬᠦᠴᠢᠷᠳᠡᠯᠲᠡᠢ ᠭᠡᠷ ᠪᠦᠯᠢ ᠶᠢᠨ ᠬᠦᠴᠢᠷᠳᠡᠯ  ᠢ

ᠰᠢᠢᠳᠪᠦᠷᠢᠯᠡᠵᠦ ᠥᠭᠪᠡ᠃

      ᠥᠪᠡᠷᠲᠡᠭᠡᠨ ᠵᠠᠰᠠᠬᠤ ᠣᠷᠣᠨ ᠤ ᠰᠤᠷᠤᠭᠴᠢ ᠶᠢ ᠳᠡᠳᠬᠦᠨ ᠲᠤᠰᠠᠯᠠᠬᠤ ᠲᠣᠭᠲᠠᠯᠴᠠᠭ᠎ᠠ ᠰᠢᠯᠭᠠᠯᠲᠠ ᠶᠢᠨ

ᠲᠠᠯᠠᠪᠠᠢ ᠳᠤ ᠬᠥᠯᠥᠰᠦ ᠤᠷᠤᠰᠬᠠᠨ ᠬᠦᠴᠦᠯᠡᠨ ᠴᠢᠷᠮᠠᠶᠢᠵᠤ ᠪᠠᠶᠢᠭ᠎ᠠ ᠰᠢᠯᠭᠠᠭᠤᠯᠤᠭᠴᠢ ᠨᠢᠭᠡ ᠪᠦᠷᠢ ᠶᠢᠨ ᠠᠷᠤ

ᠲᠠᠯ᠎ᠠ ᠶᠢᠨ ᠬᠦᠴᠢᠷᠳᠡᠯ ᠢ ᠬᠠᠷᠠᠭᠠᠯᠵᠠᠵᠤ᠂ ᠲᠡᠳᠡᠨ ᠤ ᠴᠢᠭᠴᠢ ᠰᠢᠯᠤᠭᠤᠨ ᠢᠶᠠᠷ ᠵᠣᠷᠢᠭᠰᠠᠨ ᠵᠦᠭ ᠢᠶᠠᠨ ᠲᠡᠮᠡᠦᠯᠬᠦ

ᠰᠡᠳᠬᠢᠯ ᠢ ᠬᠥᠭᠵᠢᠭᠡᠪᠡ᠃ ᠪᠦᠬᠦ ᠣᠷᠣᠨ ᠢ ᠬᠠᠮᠤᠷᠤᠭᠰᠠᠨ ᠡᠨᠡ ᠬᠦ ᠠᠶᠠᠯᠠᠯ ᠢ ᠬᠠᠮᠠᠭᠠᠯᠠᠬᠤ ᠠᠵᠢᠯᠯᠠᠭ᠎ᠠ ᠨᠢ

ᠰᠤᠷᠭᠠᠨ ᠬᠥᠮᠦᠵᠢᠯ ᠤᠨ ᠡᠷᠬᠡ ᠲᠡᠭᠰᠢ ᠬᠠᠯᠠᠭᠤᠨ ᠳᠤᠯᠠᠭᠠᠨ ᠢ ᠳᠠᠮᠵᠢᠭᠤᠯᠤᠭᠰᠠᠨ ᠢᠶᠠᠷ ᠪᠠᠷᠠᠬᠤ ᠦᠭᠡᠢ᠂ ᠨᠡᠩ

ᠣᠯᠠᠨ ᠭᠡᠷ ᠪᠦᠯᠢ ᠶᠢᠨ ᠬᠦᠰᠡᠯ ᠡᠷᠡᠮᠡᠯᠵᠡᠯ - ᠰᠢᠷᠭᠠᠭᠤ ᠬᠠᠲᠠᠭᠤᠵᠢᠯᠲᠠᠢ ᠴᠢᠷᠮᠠᠶᠢᠵᠤ ᠪᠠᠶᠢᠭ᠎ᠠ ᠰᠢᠯᠭᠠᠭᠤᠯᠤᠭᠴᠢ

 ᠶᠢᠨ ᠭᠡᠭᠡᠨ ᠰᠠᠷᠠᠭᠤᠯ ᠠᠯᠤᠰ ᠬᠡᠲᠦ ᠶᠢᠨ ᠬᠦᠰᠡᠯᠡᠩ ᠢ ᠬᠠᠮᠠᠭᠠᠯᠠᠨ ᠤᠷᠤᠭᠰᠢᠯᠠᠨᠠᠮ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号