ᠪᠦᠬᠦ ᠣᠷᠣᠨ ᠤ ᠡᠯ᠎ᠡ ᠭᠠᠵᠠᠷ ᠡᠯ᠎ᠡ ᠰᠤᠷᠭᠠᠭᠤᠯᠢ ᠡᠯ᠎ᠡ ᠰᠠᠯᠠᠭ᠎ᠠ ᠮᠥᠴᠢᠷ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠲᠣᠭᠲᠠᠭᠤᠨ ᠮᠥᠷᠲᠡᠭᠡᠨ ᠡᠮᠬᠢ ᠵᠢᠷᠤᠮ ᠲᠠᠢ ᠶᠠᠪᠤᠭᠳᠠᠬᠤ ᠶᠢ ᠪᠦᠬᠦ ᠬᠦᠴᠦᠨ ᠢᠶᠠᠷ ᠪᠠᠲᠤᠯᠠᠵᠤ ᠪᠣᠢ
ᠨᠡᠶᠢᠲᠡᠯᠡᠭᠰᠡᠨ ᠴᠠᠭ᠄
2025/6/9
      2025 ᠣᠨ ᠤ 6 ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ 15.7 ᠲᠦᠮᠡᠨ           ᠰᠢᠯᠭᠠᠭᠤᠯᠤᠭᠴᠢ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ  ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠩᠬᠠᠨ ᠤ ᠰᠢᠯᠭᠠᠯᠲᠠ ᠶᠢ ᠤᠭᠲᠤᠵᠤ᠂ ᠪᠦᠬᠦ           ᠣᠷᠣᠨ ᠤ 187 ᠰᠢᠯᠭᠠᠯᠲᠠ ᠶᠢᠨ ᠴᠡᠭ ᠤᠷᠭᠤᠬᠤ ᠨᠠᠷᠠᠨ ᠳᠤ ᠬᠦᠰᠡᠯ ᠲᠡᠮᠡᠦᠯᠡᠯ ᠤᠨ ᠡᠭᠦᠳᠡ ᠶᠢ           ᠨᠡᠭᠡᠭᠡᠪᠡ᠃ ᠰᠢᠯᠭᠠᠯᠲᠠ ᠶᠢᠨ ᠬᠤᠭᠤᠴᠠᠭᠠᠨ ᠳᠤ᠂ ᠰᠤᠷᠭᠠᠨ ᠬᠥᠮᠦᠵᠢᠯ᠂ ᠰᠦᠯᠵᠢᠶᠡᠨ ᠤ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠴᠢᠮᠡᠭᠡ ᠬᠤᠯᠪᠣᠭ᠎ᠠ᠂ ᠪᠠᠴᠢᠮ ᠪᠠᠶᠢᠳᠠᠯ ᠢ ᠠᠷᠭᠠᠴᠠᠬᠤ᠂ ᠡᠷᠡᠭᠦᠯ ᠬᠠᠮᠠᠭᠠᠯᠠᠯ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠥᠴᠢᠷ ᠵᠢᠴᠢ ᠪᠦᠬᠦ ᠣᠷᠣᠨ ᠤ ᠡᠯ᠎ᠡ ᠭᠠᠵᠠᠷ ᠤᠨ ᠡᠯ᠎ᠡ ᠰᠤᠷᠭᠠᠭᠤᠯᠢ ᠡᠩ ᠤᠨ ᠳᠡᠭᠡᠳᠦ ᠰᠤᠷᠭᠠᠭᠤᠯᠢ  ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠲᠣᠭᠲᠠᠭᠤᠨ ᠮᠥᠷᠲᠡᠭᠡᠨ ᠡᠮᠬᠢ ᠵᠢᠷᠤᠮ ᠲᠠᠢ ᠶᠠᠪᠤᠭᠳᠠᠬᠤ ᠶᠢ ᠪᠦᠬᠦ ᠬᠦᠴᠦᠨ ᠢᠶᠠᠷ ᠪᠠᠲᠤᠯᠠᠪᠠ᠃ ᠳᠣᠣᠷ᠎ᠠ ᠪᠢᠳᠡ ᠬᠠᠮᠲᠤ ᠳᠤ ᠪᠠᠨ ᠰᠡᠭᠦᠳᠡᠷᠯᠡᠬᠦ ᠮᠠᠰᠢᠨ ᠢ ᠳᠠᠭᠠᠵᠤ᠂ ᠰᠢᠯᠭᠠᠯᠲᠠ ᠶᠢᠨ ᠠᠬᠤᠢ ᠲᠠᠯᠠᠪᠠᠢ ᠶᠢ ᠰᠣᠨᠢᠷᠬᠠᠵᠠᠭᠠᠶ᠎ᠠ —

1.jpg

2.jpg

3.jpg

4.jpg

5.jpg

6.jpg

7.jpg

8.jpg

9.jpg

10.jpg

11.jpg

12.jpg

13.jpg

14.jpg

15.jpg

16.jpg

17.jpg

18.jpg

19.jpg

20.jpg

21.jpg

      ᠭᠡᠷ ᠤᠨ ᠠᠬᠠᠮᠠᠳ᠂ ᠪᠠᠭᠰᠢ᠂ ᠵᠠᠮ ᠬᠠᠷᠢᠯᠴᠠᠭᠠᠨ ᠤ ᠴᠠᠭᠳᠠᠭ᠎ᠠ᠂ ᠨᠡᠶᠢᠭᠡᠮ ᠲᠣᠭᠤᠷᠢᠭ ᠤᠨ ᠰᠠᠶᠢᠨ

ᠳᠤᠷᠠᠴᠤᠤᠯ ᠤᠨ ᠰᠡᠳᠬᠢᠯ ᠢ ᠳᠤᠯᠠᠭᠠᠴᠠᠭᠤᠯᠬᠤ ᠬᠠᠶᠢᠷ᠎ᠠ ᠬᠠᠯᠠᠮᠵᠢ ᠪᠠ ᠦᠢᠯᠡ ᠠᠵᠢᠯᠯᠠᠭ᠎ᠠ ᠁ ᠪᠥᠬᠦᠨ

 ᠢᠶᠠᠷ ᠢᠶᠠᠨ ᠡᠨᠡ ᠤᠳᠠᠭᠠᠨ ᠤ ᠰᠢᠯᠭᠠᠯᠲᠠ ᠪᠣᠯ ᠵᠥᠪᠬᠡᠨ ᠮᠡᠳᠡᠯᠭᠡ ᠶᠢᠨ ᠮᠥᠷᠦᠶᠢᠴᠡᠭᠡᠨ ᠪᠢᠰᠢ ᠬᠠᠷᠢᠨ ᠪᠦᠬᠦ

ᠨᠡᠶᠢᠭᠡᠮ ᠤᠨ ᠬᠢᠨ ᠬᠠᠮᠲᠤ ᠳᠤ ᠪᠠᠨ ᠪᠢᠴᠢᠭᠯᠡᠭᠰᠡᠨ ᠬᠠᠯᠠᠭᠤᠨ ᠳᠤᠯᠠᠭᠠᠨ ᠬᠠᠭᠤᠳᠠᠰᠤ ᠪᠣᠯᠬᠤ ᠶᠢ ᠬᠠᠷᠠᠭᠤᠯᠪᠠ︕

      ᠠᠳᠡ ᠪᠢᠳᠡ ᠥᠷᠭᠡᠨ ᠣᠯᠠᠨ ᠰᠢᠯᠭᠠᠭᠤᠯᠤᠭᠴᠢᠳ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ᠂ ᠡᠨᠡ ᠵᠤᠨ

ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠵᠦᠩᠨᠡᠨ ᠢᠷᠦᠭᠡᠶ᠎ᠡ︕

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号