ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠦᠩᠯᠦᠢ᠍ᠨ᠎ᠤ ᠯᠠᠤᠰ᠎ᠤᠨ ᠤᠯᠤᠰ᠎ᠤᠨ ᠲᠡᠷᠢᠭᠦᠯᠡᠭᠴᠢ᠎ᠪᠠᠷ ᠰᠤᠩᠭᠤᠭᠲᠠᠭᠰᠠᠠ᠎ᠳᠤ ᠪᠠᠶᠠᠷ᠎ᠤᠨ ᠴᠠᠬᠢᠯᠭ᠋ᠠᠠ ᠴᠢᠮᠡᠭᠡ ᠶᠠᠪᠤᠭᠤᠯᠪᠠ
ᠨᠡᠶ᠋ᠢᠲᠡᠯᠡᠭᠰᠡᠨ ᠴᠠᠭ᠄ 2021-03-24

      ᠯᠢ ᠺᠸ ᠴᠢᠶᠠᠩ ᠫᠠᠠᠺᠠᠠ᠎ᠤ ᠯᠠᠤᠰ᠎ᠤᠨ ᠵᠠᠰᠠᠭ᠎ᠤᠨ ᠤᠷᠲᠤᠨ᠎ᠤ ᠶᠡᠷᠦᠩᠭᠡᠢ ᠰᠠᠢ᠍ᠢ᠍ᠳ ᠵᠶ᠋ᠠᠷ ᠰᠤᠩᠭᠤᠭᠲᠠᠭᠰᠠᠠ᠎ᠳᠤ ᠪᠠᠶᠠᠷ᠎ᠤᠨ ᠴᠠᠬᠢᠯᠭ᠋ᠠᠠ ᠴᠢᠮᠡᠭᠡ ᠶᠠᠪᠤᠭᠤᠯᠵᠠᠢ

     3 ᠰᠠᠷ᠎ᠠ ᠵᠢᠨ 23᠎ᠤ ᠡᠳᠦᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠯᠠᠤᠰ᠎ᠤᠨ ᠠᠷᠠᠳ᠎ᠤᠨ ᠬᠤᠪᠢᠰᠬᠠᠯᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠲᠦᠩᠯᠦ᠋ᠨ᠎ᠳᠤ ᠴᠠᠬᠢᠯᠭ᠋ᠠᠨ ᠴᠢᠮᠡᠭᠡ ᠶᠠᠪᠤᠭᠤᠯᠵᠤ᠂ ᠲᠡᠭᠦᠨ᠎ᠤ ᠯᠠᠤᠰ᠎ᠤᠨ ᠤᠯᠤᠰ᠎ᠤᠨ ᠲᠡᠷᠢᠭᠦᠯᠡᠭᠴᠢ᠎ᠪᠠᠷ ᠰᠣᠩᠭᠣᠭᠳᠠᠭᠰᠠᠨ᠎ᠳᠤ ᠪᠠᠶᠠᠷ ᠬᠦᠷᠭᠡᠪᠡ᠃
ᠰᠢ ᠵᠢᠨ ᠫᠢᠩ ᠪᠠᠶᠠᠷ᠎ᠤᠨ ᠴᠠᠬᠢᠯᠭ᠋ᠠᠨ ᠴᠢᠮᠡᠭᠡ᠎ᠳᠡᠭᠡᠨ᠂ ᠳᠤᠮᠳᠠᠳᠤ ᠯᠠᠤᠰ ᠪᠣᠯ ᠠᠭᠤᠯᠠ ᠤᠰᠤ᠎ᠪᠠᠷ ᠵᠶ᠋ᠠᠨ ᠵᠠᠯᠭ᠋ᠠᠯᠳᠤᠭᠰᠠᠨ ᠨᠥᠬᠥᠷᠰᠡᠭ ᠬᠥᠷᠰᠢ ᠪᠤᠯᠤᠨ᠎ᠠ᠂ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 60 ᠵᠢᠯ᠎ᠤᠨ ᠲᠤᠷᠰᠢ᠂ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭ᠎ᠠ ᠰᠠᠯᠬᠢ ᠳᠠᠪᠠᠯᠭ᠋ᠠᠨ᠎ᠢ ᠰᠦᠷᠦᠨ ᠤᠷᠤᠭᠰᠢᠯᠠᠵᠤ᠂ ᠶᠠᠪᠤᠬᠤ ᠲᠤᠳᠤᠮ ᠪᠡᠬᠢᠵᠢᠪᠡ᠃ ᠤᠢ᠍ᠢ᠍ᠷ᠎ᠠ ᠵᠢᠨ ᠵᠢᠯ᠎ᠤᠳ᠎ᠲᠤ᠂ ᠲᠤᠮᠳᠠᠳᠤ ᠯᠠᠤᠰ᠎ᠤᠨ ᠤᠯᠠᠮᠵᠢᠯᠠᠯᠲᠤ ᠨᠥᠬᠥᠷᠯᠡᠯ ᠰᠢᠨ᠎ᠡ ᠬᠥᠭᠵᠢᠯᠲᠡ᠎ᠲᠠᠢ ᠪᠤᠯᠵᠤ᠂ ᠪᠠᠶ᠋ᠢᠯᠳᠤᠬᠤ ᠪᠤᠳᠤᠯᠭ᠎ᠠ ᠵᠢᠨ ᠢᠲᠡᠭᠡᠯᠴᠡᠭᠡ ᠰᠢᠨ᠎ᠡ ᠳᠠᠪᠰᠢᠯᠳᠠ᠎ᠲᠠᠢ ᠪᠤᠯᠵᠤ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠰᠢᠨ᠎ᠡ ᠠᠬᠢᠴᠠ᠎ᠲᠠᠢ ᠪᠤᠯᠵᠤ᠂ ᠬᠣᠶᠠᠷ ᠲᠠᠯ᠎ᠠ ᠵᠢᠨ ᠬᠠᠷᠢᠯᠴᠠᠭ᠎ᠠ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠰᠢᠨ᠎ᠡ ᠴᠠᠭ ᠦᠶ᠎ᠡ᠎ᠳᠤ ᠣᠷᠣᠪᠠ᠃ ᠨᠢᠳᠤᠨᠤᠨ᠎ᠠᠴᠠ ᠨᠠᠭ᠋ᠠᠰᠢ᠂ ᠪᠢᠳᠡ ᠭᠠᠷ ᠬᠣᠯᠪᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠵᠦ᠂ ᠳᠤᠮᠳᠠᠳᠤ ᠯᠠᠤᠰ᠎ᠤᠨ ᠬᠤᠪᠢ ᠵᠠᠶᠠᠭ᠋ᠠᠨ᠎ᠤ ᠬᠠᠮᠲᠤ ᠴᠣᠭᠴᠠ ᠵᠢᠨ ᠵᠣᠷᠢᠭ ᠰᠠᠨᠠᠭ᠎ᠠ ᠵᠢ ᠠᠮᠢᠳᠤᠯᠢᠭ ᠵᠶ᠋ᠠᠷ ᠲᠤᠳᠤᠷᠬᠠᠢ᠍ᠢ᠍ᠯᠠᠨ ᠲᠠᠶ᠋ᠢᠯᠪᠤᠷᠢᠯᠠᠵᠤ᠂ ᠠᠬ᠎ᠠ ᠳᠡᠭᠦᠤ ᠮᠡᠲᠦ ᠨᠥᠬᠥᠷᠰᠡᠭ ᠬᠠᠶ᠋ᠢᠷ᠎ᠠ ᠰᠡᠳᠬᠢᠯᠭᠡ ᠵᠢ ᠪᠡᠬᠢᠵᠢᠭᠦᠯᠦᠨ ᠭᠦᠨᠵᠡᠭᠡᠶ᠋ᠢᠷᠡᠭᠦᠯᠵᠠᠢ ᠭᠡᠵᠦ ᠵᠢᠭ᠋ᠠᠵᠦ ᠭᠠᠷᠭ᠋ᠠᠪᠠ᠃
    ᠰᠢ ᠵᠢᠨ ᠫᠢᠩ᠂ ᠣᠳᠣᠬᠠᠨ᠎ᠤ ᠳᠡᠯᠡᠬᠡᠢ ᠶᠢᠷᠲᠢᠨᠴᠦ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠳᠤ ᠲᠤᠯᠭ᠋ᠠᠷᠠᠵᠤ᠂ ᠳᠤᠮᠳᠠᠳᠤ ᠯᠠᠤᠰ᠎ᠤᠨ ᠬᠠᠷᠢᠯᠴᠠᠭ᠎ᠠ ᠤᠷᠢᠳᠤᠬᠢ ᠵᠢ ᠵᠠᠯᠭ᠋ᠠᠮᠵᠢᠯᠠᠨ ᠬᠣᠶ᠋ᠢᠰᠢᠬᠢ ᠵᠢ ᠰᠡᠩᠬᠡᠷᠡᠭᠦᠯᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ ᠪᠠᠶ᠋ᠢᠨ᠎ᠠ᠃ ᠪᠢ ᠳᠤᠮᠳᠠᠳᠤ ᠯᠠᠤᠰ᠎ᠤᠨ ᠬᠠᠷᠢᠯᠴᠠᠭ᠎ᠠ ᠵᠢᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠲᠦᠩᠯᠦ᠋ᠨ᠎ᠲᠠᠢ ᠬᠠᠮᠲᠤ᠎ᠪᠠᠷ ᠴᠢᠷᠮᠠᠶ᠋ᠢᠵᠤ ᠪᠠᠶ᠋ᠢᠭ᠋ᠠᠳ ᠳᠤᠮᠳᠠᠳᠤ ᠯᠠᠤᠰ᠎ᠤᠨ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ ᠵᠢ ᠴᠢᠨᠠᠭᠰᠢᠳᠠ ᠪᠡᠬᠢᠵᠢᠭᠦᠯᠦᠨ ᠥᠷᠭᠡᠳᠬᠡᠵᠦ᠂ ᠬᠣᠶᠠᠷ ᠤᠯᠤᠰ᠎ᠤᠨ ᠠᠷᠠᠳ ᠲᠦᠮᠡᠨ᠎ᠤ ᠪᠤᠶᠠᠨ ᠵᠢᠷᠭ᠋ᠠᠯ ᠪᠣᠯᠤᠨ ᠨᠥᠬᠥᠷᠯᠡᠯ᠎ᠢ ᠵᠤᠵᠠᠭ᠋ᠠᠳᠬᠠᠵᠤ᠂ ᠳᠤᠮᠳᠠᠳᠤ ᠯᠠᠤᠰ᠎ᠤᠨ ᠬᠤᠪᠢ ᠵᠠᠶᠠᠭ᠋ᠠᠨ᠎ᠤ ᠬᠠᠮᠲᠤ ᠴᠣᠭᠴᠠ ᠵᠢᠨ ᠪᠠᠶ᠋ᠢᠭᠤᠯᠤᠯᠲᠠ ᠵᠢᠨ ᠲᠠᠰᠤᠷᠠᠯᠳᠠ ᠦᠭᠡᠢ ᠰᠢᠨ᠎ᠡ ᠦᠨᠳᠦᠷᠴᠡ᠎ᠳᠤ ᠭᠠᠷᠬᠤ ᠵᠢ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ᠃
    ᠲᠤᠰ ᠡᠳᠦᠷ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ ᠫᠠᠠᠺᠠᠠ᠎ᠤ ᠯᠠᠤᠰ᠎ᠤᠨ ᠵᠠᠰᠠᠭ᠎ᠤᠨ ᠤᠷᠲᠤᠨ᠎ᠤ ᠶᠡᠷᠦᠩᠭᠡᠢ ᠰᠠᠢ᠍ᠢ᠍ᠳ ᠵᠶ᠋ᠠᠷ ᠰᠤᠩᠭᠤᠭᠲᠠᠭᠰᠠᠠ᠎ᠳᠤ ᠴᠠᠬᠢᠯᠭ᠋ᠠᠠ ᠴᠢᠮᠡᠭᠡ ᠶᠠᠪᠤᠭᠤᠯᠵᠤ ᠪᠡᠶᠠᠷ ᠬᠦᠷᠭᠡᠨ᠂ ᠳᠤᠷᠠᠲᠠᠶ᠎ᠠ ᠶᠡᠷᠦᠩᠬᠡᠢ ᠰᠠᠶ᠋ᠢᠳ ᠫᠠᠨᠺᠠᠨ᠎ᠲᠠᠢ ᠬᠠᠮᠲᠤ᠎ᠪᠠᠷ ᠴᠢᠷᠮᠠᠶ᠋ᠢᠵᠤ ᠪᠠᠢ᠍ᠢ᠍ᠭ᠋ᠠᠳ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠠᠭᠤᠯᠤᠭᠳᠠᠬᠤᠨ᠎ᠢ ᠲᠠᠰᠤᠷᠠᠯᠳᠡ ᠦᠭᠡᠢ ᠲᠡᠭᠦᠯᠳᠡᠷᠵᠢᠭᠦᠯᠤᠨ᠂ ᠳᠤᠮᠳᠠᠳᠤ ᠯᠠᠤᠰ᠎ᠤᠨ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠦᠢ᠍ᠯᠡᠰ᠎ᠤᠨ ᠲᠠᠰᠤᠷᠠᠯᠳᠡ ᠦᠭᠡᠢ ᠰᠢᠨ᠎ᠡ ᠠᠬᠢᠴᠠ᠎ᠲᠠᠢ ᠪᠣᠯᠬᠤ ᠵᠢ ᠠᠬᠢᠭᠤᠯᠤᠨ᠎ᠠ ᠭᠡᠵᠦ ᠢᠯᠡᠳᠬᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            