ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠶᠡᠷᠦᠩᠬᠡᠶ ᠱᠦᠵᠢ ᠰᠢ᠎ᠵᠢᠨ᠎ᠫᠢᠩ᠎ᠦᠨ ᠠᠷᠠᠳ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶᠢᠨ ᠰᠤᠷᠤᠯᠴᠠᠯᠭ᠎ᠠ᠎ᠶ᠋ᠢᠨ ᠤᠩᠱᠢᠬᠤ ᠪᠢᠴᠢᠭ》᠎ᠢ ᠬᠡᠪᠯᠡᠭᠦᠯᠦᠨ ᠲᠠᠷᠬᠠᠭᠠᠪᠠ
ᠨᠡᠶ᠋ᠢᠲᠡᠯᠡᠭᠰᠡᠨ ᠴᠠᠭ᠄ 2025-10-13

    ᠤᠯᠤᠰ᠎ᠤᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠡᠴᠡ ᠵᠣᠬᠢᠶᠠᠨ ᠪᠠᠢᠭᠤᠯᠵᠤ ᠨᠠᠢᠷᠠᠭᠤᠯᠤᠭ᠍ᠰᠠᠨ 《ᠶᠡᠷᠦᠩᠬᠡᠶ ᠱᠦᠵᠢ ᠰᠢ᠎ᠵᠢᠨ᠎ᠫᠢᠩ᠎ᠦᠨ ᠠᠷᠠᠳ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶᠢᠨ ᠰᠤᠷᠤᠯᠴᠠᠯᠭ᠎ᠠ᠎ᠶ᠋ᠢᠨ ᠤᠩᠱᠢᠬᠤ ᠪᠢᠴᠢᠭ》 (ᠳᠣᠷᠣᠭ᠍ᠰᠢ 《ᠤᠩᠱᠢᠬᠤ ᠪᠢᠴᠢᠭ》 ᠭᠡᠵᠦ᠍ ᠲᠣᠪᠴᠢᠯᠠᠨ᠎ᠠ) ᠭᠡᠬᠦ᠌ ᠨᠣᠮ᠎ᠢ ᠣᠢᠷ᠎ᠠ᠎ᠳᠤ ᠠᠷᠠᠳ᠎ᠤᠨ ᠬᠡᠪᠯᠡᠯ᠎ᠦᠨ ᠬᠣᠷᠢᠶ᠎ᠠ ᠡᠴᠡ ᠬᠡᠪᠯᠡᠭᠦᠯᠵᠦ᠍᠂ ᠪᠥᠬᠥ᠌ ᠤᠯᠤᠰ᠎ᠲᠤ ᠲᠠᠷᠬᠠᠭᠠᠪᠠ᠃

     ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠵᠢᠨ᠎ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠤᠷᠢᠶ᠎ᠠ ᠪᠠᠢᠯᠳᠤᠬᠤ ᠪᠤᠳᠤᠯᠭ᠎ᠠ ᠪᠠ ᠪᠦᠬᠦ᠌ ᠲᠠᠯ᠎ᠠ᠎ᠶ᠋ᠢᠨ ᠦᠨᠳᠦᠷᠴᠡ᠎ᠡᠴᠡ ᠵᠠᠬᠢᠳᠠᠯ ᠰᠤᠷᠪᠤᠯᠵᠢᠯᠠᠯ᠎ᠤᠨ ᠠᠵᠢᠯ᠎ᠳᠤ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠲᠤᠰᠭᠠᠬᠤ᠂ ᠵᠥᠷᠢᠴᠡᠯ ᠵᠠᠭᠤᠷᠠᠯᠳᠤᠭᠠᠨ᠎ᠢ ᠠᠷᠢᠯᠭᠠᠬᠤ᠂ ᠨᠡᠢᠭᠡᠮ᠎ᠦᠨ ᠡᠶ᠎ᠡ ᠵᠣᠬᠢᠴᠠᠯ ᠲᠣᠭ᠍ᠲᠠᠭᠤᠨ ᠪᠠᠢᠳᠠᠯ᠎ᠢ ᠬᠠᠮᠠᠭᠠᠯᠠᠬᠤ ᠳᠤᠮᠳᠠ ᠢᠳᠡᠪᠬᠢᠲᠡᠢ ᠬᠤᠪᠢ ᠨᠡᠮᠡᠷᠢ ᠦᠵᠡᠭᠦᠯᠬᠦ᠌᠎ᠶ᠋ᠢ ᠠᠬᠢᠭᠤᠯᠪᠠ᠃ ᠶᠡᠷᠦᠩᠬᠡᠶ ᠱᠦᠵᠢ ᠰᠢ᠎ᠵᠢᠨ᠎ᠫᠢᠩ᠎ᠦᠨ ᠠᠷᠠᠳ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠨᠢ ᠴᠣ ᠱᠢᠨ᠎ᠡ ᠬᠠᠷᠠᠭᠠᠰᠤ ᠡᠴᠡ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠲᠤᠬᠠᠶ ᠵᠢᠮ᠎ᠡ ᠶᠣᠰᠣᠴᠢ ᠴᠢᠨᠠᠷᠲᠠᠶ ᠲᠠᠨᠢᠯᠲᠠ᠎ᠶ᠋ᠢ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠰᠠᠢᠲᠤᠷ ᠬᠢᠬᠦ᠌᠎ᠳᠦ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ ᠬᠠᠩᠭᠠᠪᠠ᠃ 《ᠤᠩᠱᠢᠬᠤ ᠪᠢᠴᠢᠭ》9 ᠪᠦᠯᠦᠭ᠎ᠢᠶᠡᠷ ᠪᠦᠷᠢᠯᠳᠦᠵᠦ᠍᠂ ᠵᠠᠬᠢᠳᠠᠯ ᠰᠤᠷᠪᠤᠯᠵᠢᠯᠠᠯ᠎ᠤᠨ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ᠎ᠢ ᠳᠡᠭᠡᠳᠦᠯᠡᠬᠦ᠌ ᠦᠨᠳᠦᠰᠦᠨ ᠵᠣᠭ᠍ᠰᠣᠯᠲᠠ᠎ᠶ᠋ᠢ ᠪᠠᠷᠢᠮᠲᠠᠯᠠᠬᠤ᠂ ᠠᠷᠠᠳ ᠲᠦᠮᠡᠨ᠎ᠦ ᠬᠦᠴᠢᠷᠳᠡᠯ᠎ᠢ ᠱᠢᠢᠳᠪᠦᠷᠢᠯᠡᠬᠦ᠌ ᠨᠠᠮ᠎ᠤᠨ ᠲᠦᠯᠦᠭᠡ ᠪᠤᠳᠤᠯᠬᠢᠯᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠠᠨ ᠡᠭᠦᠷᠭᠡᠯᠡᠬᠦ᠌ ᠵᠢ ᠪᠠᠷᠢᠮᠳᠠᠯᠠᠬᠤ ᠵᠡᠷᠭᠡ ᠲᠠᠯ᠎ᠠ᠎ᠪᠠᠷ᠂ ᠶᠡᠷᠦᠩᠬᠡᠢ ᠱᠦᠵᠢ ᠰᠢ᠎ᠵᠢᠨ᠎ᠫᠢᠩ᠎ᠦᠨ ᠠᠷᠠᠳ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢᠨ ᠭᠣᠣᠯ ᠠᠭᠤᠯᠭ᠎ᠠ᠂ ᠵᠣᠷᠢᠭ ᠰᠠᠨᠠᠭ᠎ᠠ ᠵᠢᠨ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠲᠣᠳᠣᠷᠬᠠᠢᠯᠠᠨ ᠥᠭᠦᠯᠡᠵᠡᠢ᠃

      《ᠤᠩᠱᠢᠬᠤ ᠪᠢᠴᠢᠭ》 ᠤ᠋ᠨ ᠬᠡᠪᠯᠡᠭ᠌ᠳᠡᠭ᠌ᠰᠡᠨ ᠨᠢ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠶᠡᠷᠦᠩᠬᠡᠢ ᠱᠦᠵᠢ ᠰᠢ᠎ᠵᠢᠨ᠎ᠫᠢᠩ᠎ᠦᠨ ᠠᠷᠠᠳ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠵᠤ᠂ ᠱᠢᠨ᠎ᠡ ᠴᠠᠭ ᠦᠶ᠎ᠡ᠎ᠶ᠋ᠢᠨ 《ᠹᠸᠩᠴᠢᠶᠣᠤ᠎ᠶ᠋ᠢᠨ ᠲᠤᠷᠱᠢᠯᠭ᠎ᠠ》᠎ᠶᠢ ᠪᠠᠷᠢᠮᠲᠠᠯᠠᠨ ᠬᠥᠭ᠌ᠵᠢᠭᠦᠯᠵᠦ᠍᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢ᠎ᠪᠠᠷ ᠵᠠᠰᠠᠬᠤ᠎ᠶᠢ ᠠᠬᠢᠭᠤᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠤᠪᠢᠷᠠᠯᠳᠠ᠎ᠶᠢᠨ ᠰᠢᠯᠭᠠᠭᠤᠷ᠎ᠤᠨ ᠦᠢᠯᠡᠳᠦᠯ᠎ᠢ ᠤᠯᠠᠮ ᠪᠠᠳᠠᠷᠠᠭᠤᠯᠵᠤ᠂ ᠡᠭᠦᠳᠡᠨ ᠳ᠋ᠦ ᠬᠦᠷᠭᠡᠵᠦ᠍ ᠢᠷᠡᠭ᠌ᠰᠡᠨ ᠤᠯᠠᠨ ᠲᠦᠮᠡᠨ ᠤ᠋ ᠠᠵᠢᠯ᠎ᠢ ᠰᠠᠢᠲᠤᠷ ᠬᠢᠵᠦ᠍᠂ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠬᠤ᠎ᠳᠤ ᠠᠱᠢᠭ᠍ᠲᠠᠢ ᠶᠤᠮ᠃

      ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 10 ᠰᠠᠷ᠎ᠠ᠎ᠶ᠋ᠢᠨ 11 ᠎ᠤ᠋ ᠴᠠᠬᠢᠯᠭᠠᠨ ᠮᠡᠳᠡᠭᠡ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            