ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 7 ᠰᠠᠷ᠎ᠠ᠎ᠶᠢᠨ 21 ᠦ ᠴᠠᠬᠢᠯᠭᠠᠨ ᠮᠡᠳᠡᠭᠡ ᠭᠠᠳᠠᠭᠠᠳᠤ ᠶᠠᠪᠤᠳᠠᠯ᠎ᠤᠨ ᠶᠠᠮᠤᠨ᠎ᠤ ᠥᠭᠦᠯᠡᠭᠴᠢ 7 ᠰᠠᠷ᠎ᠠ᠎ᠶᠢᠨ 21 ᠦ ᠡᠳᠦᠷ᠄ ᠳᠤᠮᠳᠠᠳᠤ ᠡᠸᠦ᠋ᠷᠦᠫᠡ ᠬᠣᠶᠠᠷ ᠲᠠᠯ᠎ᠠ᠎ᠪᠠᠷ᠎ᠢᠶᠠᠨ ᠵᠥᠪᠳᠡᠯᠴᠡᠭᠡᠳ᠂ ᠡᠸᠦ᠋ᠷᠦᠫᠡ ᠲᠢᠪ᠎ᠦᠨ ᠬᠡᠷᠡᠭ ᠡᠷᠬᠢᠯᠡᠭᠴᠢᠳ᠎ᠦᠨ ᠬᠤᠷᠠᠯ᠎ᠤᠨ ᠲᠡᠷᠢᠭᠦᠯᠡᠭᠴᠢ ᠺᠧᠰᠲ᠋ᠠ᠂ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭᠠᠨ᠎ᠤ ᠵᠥᠪᠯᠡᠯ᠎ᠦᠨ ᠲᠡᠷᠢᠭᠦᠯᠡᠭᠴᠢ ᠹᠧᠩᠳᠧᠯᠠᠢ᠊ ᠊ ᠧᠨ 7 ᠰᠠᠷ᠎ᠠ᠎ᠶᠢᠨ 24 ᠦ ᠡᠳᠦᠷ ᠳᠤᠮᠳᠠᠳᠤ ᠤᠯᠤᠰ᠎ᠲᠤ ᠠᠢᠯᠴᠢᠯᠠᠨ᠎ᠠ᠃ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠡᠴᠡ ᠲᠡᠷᠢᠭᠦᠯᠡᠭᠴᠢ ᠺᠧᠰᠲ᠋ᠠ ᠪᠣᠯᠣᠨ ᠲᠡᠷᠢᠭᠦᠯᠡᠭᠴᠢ ᠹᠧᠩᠳᠧᠯᠠᠢ᠊ ᠊ ᠧᠨ ᠲᠡᠢ ᠠᠭᠤᠯᠵᠠᠵᠤ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ ᠬᠣᠶᠠᠷ ᠲᠡᠷᠢᠭᠦᠯᠡᠭᠴᠢ ᠲᠡᠢ ᠬᠠᠮᠲᠤ᠎ᠪᠠᠷ ᠬᠣᠷᠢᠨ ᠲᠠᠪᠤᠳᠤᠭᠠᠷ ᠤᠳᠠᠭ᠎ᠠ᠎ᠶᠢᠨ ᠳᠤᠮᠳᠠᠳᠤ ᠤᠯᠤᠰ — ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ ᠤᠳᠤᠷᠢᠳᠬᠤ ᠬᠥᠮᠥᠰ᠎ᠦᠨ ᠠᠭᠤᠯᠵᠠᠯᠲᠠ᠎ᠶᠢ ᠡᠷᠬᠢᠯᠡᠨ᠎ᠡ ᠭᠡᠵᠦ ᠨᠡᠢᠲᠡᠯᠡᠪᠡ᠃