ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 7 ᠰᠠᠷ᠎ᠠ᠎ᠶ᠋ᠢᠨ 15᠎ᠤ ᠴᠠᠬᠢᠯᠭᠠᠨ ᠮᠡᠳᠡᠭᠡ 7 ᠰᠠᠷ᠎ᠠ᠎ᠶ᠋ᠢᠨ 15᠎ᠤ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠢᠯᠴᠢᠯᠠᠯᠲᠠ ᠬᠢᠬᠦ᠌᠎ᠪᠡᠷ ᠢᠷᠡᠭ᠌ᠰᠡᠨ ᠠᠦ᠋ᠰᠲᠷᠠᠯᠢᠶ᠎ᠠ᠎ᠶᠢᠨ ᠶᠡᠷᠦᠩᠬᠡᠢ ᠰᠠᠢᠳ ᠠᠯᠪᠠᠨᠢᠰ ᠲᠠᠢ ᠠᠭᠤᠯᠵᠠᠪᠠ᠃

7 ᠰᠠᠷ᠎ᠠ᠎ᠶ᠋ᠢᠨ 15᠎ᠤ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠢᠯᠴᠢᠯᠠᠯᠲᠠ ᠬᠢᠬᠦ᠌᠎ᠪᠡᠷ ᠢᠷᠡᠭ᠌ᠰᠡᠨ ᠠᠦ᠋ᠰᠲᠷᠠᠯᠢᠶ᠎ᠠ᠎ᠶᠢᠨ ᠶᠡᠷᠦᠩᠬᠡᠢ ᠰᠠᠢᠳ ᠠᠯᠪᠠᠨᠢᠰ ᠲᠠᠢ ᠠᠭᠤᠯᠵᠠᠪᠠ᠃ ᠱᠢᠨᠬᠤᠸᠠ ᠬᠤᠷᠢᠶ᠎ᠠ᠎ᠶᠢᠨ ᠰᠤᠷᠪᠤᠯᠵᠢᠯᠠᠭ᠍ᠴᠢ ᠬᠤᠸᠠᠩ ᠵᠢᠩ ᠸᠸᠨ ᠰᠡᠭᠦᠳᠡᠷᠯᠡᠪᠡ
ᠰᠢ ᠵᠢᠨ ᠫᠢᠩ ᠠᠯᠪᠠᠨᠢᠰ᠎ᠤᠨ ᠦᠷᠭᠦᠯᠵᠢᠯᠡᠨ ᠰᠤᠨᠭᠭᠤᠬᠳᠠᠬᠰᠡᠨᠳᠤ ᠳᠠᠬᠢᠨᠲᠠ ᠪᠠᠶᠠᠷ ᠬᠦᠷᠭᠡᠪᠡ᠃ ᠰᠢ ᠵᠢᠨ ᠫᠢᠩ᠂ ᠬᠣᠶᠠᠷ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ᠂ ᠳᠤᠮᠳᠠᠳᠤ ᠠᠦ᠋ᠰᠲ᠋ᠷᠠᠯᠢᠶ᠎ᠠ᠎ᠶ᠋ᠢᠨ ᠬᠠᠷᠢᠯᠴᠠᠭ᠎ᠠ ᠣᠢᠷ᠎ᠠ᠎ᠶ᠋ᠢᠨ ᠵᠢᠯ᠎ᠳᠦ ᠬᠦᠢᠳᠡᠮᠰᠦᠭ ᠵᠠᠢᠳᠠᠭᠤ ᠪᠠᠢᠳᠠᠯ᠎ᠡᠴᠡ ᠮᠤᠯᠳᠤᠷᠠᠵᠤ᠂ ᠡᠶᠡᠳᠡᠯᠢ ᠪᠡᠶᠡᠯᠡᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠶ ᠪᠤᠶᠠᠨ ᠦᠶ᠋ᠯᠡᠳᠴᠡᠶ᠃ ᠡᠳᠡᠭᠡᠷ᠎ᠤᠨ ᠪᠢᠳᠡᠨ᠎ᠳᠦ ᠦᠭᠬᠦᠭᠰᠡᠨ ᠬᠠᠮᠤᠭ᠎ᠤᠨ ᠶᠡᠬᠡ ᠰᠡᠩᠬᠡᠷᠡᠭᠦᠯᠦᠯ ᠪᠤᠯ᠂ ᠳᠠᠷᠤᠢ ᠡᠷᠬᠡ ᠲᠡᠭ᠌ᠰᠢ᠎ᠪᠡᠷ ᠬᠠᠨᠳᠤᠯᠴᠠᠬᠤ᠂ ᠠᠳᠠᠯᠢ ᠲᠠᠯ᠎ᠠ᠎ᠪᠠᠨ ᠨᠢᠭᠡᠳᠭᠡᠵᠦ᠍ ᠵᠥᠷᠢᠶ᠎ᠡ᠎ᠪᠡᠨ ᠦᠯᠡᠳᠡᠭᠡᠬᠦ᠌᠎ᠶ᠋ᠢ ᠪᠠᠷᠢᠮᠲᠠᠯᠠᠬᠤ᠂ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ ᠬᠢᠬᠦ᠌ ᠨᠢ ᠳᠤᠮᠳᠠᠳᠤ ᠠᠦ᠋ᠰᠲ᠋ᠷᠠᠯᠢᠶ᠎ᠠ ᠬᠣᠶᠠᠷ ᠤᠯᠤᠰ ᠪᠣᠯᠤᠨ ᠬᠣᠶᠠᠷ ᠤᠯᠤᠰ᠎ᠤᠨ ᠠᠷᠠᠳ ᠲᠦᠮᠡᠨ᠎ᠦ ᠦᠨᠳᠦᠰᠦᠨ ᠠᠱᠢᠭ ᠲᠤᠰᠠᠲᠠᠶ ᠨᠡᠢᠴᠡᠨ᠎ᠡ᠂ ᠳᠡᠯᠡᠬᠡᠢ᠎ᠶ᠋ᠢᠨ ᠪᠠᠢᠳᠠᠯ ᠶᠠᠭᠠᠬᠢᠵᠤ ᠬᠤᠪᠢᠷᠠᠭ᠍ᠰᠠᠨ ᠴᠤ᠌ ᠴᠥᠮ ᠡᠨᠡ ᠬᠦ᠌ ᠶᠡᠬᠡ ᠴᠢᠭ᠌ᠯᠡᠯ᠎ᠢ ᠭᠤᠢᠪᠢᠰᠢ ᠦᠭᠡᠢ ᠪᠠᠷᠢᠮᠲᠠᠯᠠᠬᠤ ᠬᠡᠷᠡᠭ᠌ᠲᠡᠢ᠃ ᠳᠤᠮᠳᠠᠳᠤ ᠠᠦ᠋ᠰᠲ᠋ᠷᠠᠯᠢᠶ᠎ᠠ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ ᠨᠢᠭᠡᠨᠲᠡ ᠬᠣᠶᠠᠳᠠᠬᠢ 10 ᠵᠢᠯ᠎ᠢᠶᠡᠨ ᠡᠬᠢᠯᠡᠭᠦᠯᠵᠡᠢ᠂ ᠳᠤᠮᠳᠠᠳᠤ ᠤᠯᠤᠰ ᠳᠤᠷᠠᠲᠠᠶ᠎ᠠ ᠠᠦ᠋ᠰᠲ᠋ᠷᠠᠯᠢᠶ᠎ᠠ᠎ᠶ᠋ᠢᠨ ᠬᠢᠨ᠎ᠲᠡᠶ ᠬᠠᠮᠲᠤ᠎ᠪᠠᠷ᠂ ᠳᠤᠮᠳᠠᠳᠤ ᠠᠦ᠋ᠰᠲ᠋ᠷᠠᠯᠢᠶ᠎ᠠ᠎ᠶ᠋ᠢᠨ ᠬᠠᠷᠢᠯᠴᠠᠭ᠎ᠠ᠎ᠶ᠋ᠢᠨ ᠤᠯᠠᠮ ᠨᠢᠭᠡ ᠠᠯᠬᠤᠮ ᠤᠷᠤᠭ᠍ᠰᠢᠯᠠᠬᠤ᠂ ᠰᠠᠢᠵᠢᠷᠠᠨ ᠬᠦᠭᠵᠢᠬᠦ᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠳᠤᠷ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃
ᠰᠢ ᠵᠢᠨ ᠫᠢᠩ᠂ ᠳᠤᠮᠳᠠᠳᠤ ᠠᠦ᠋ᠰᠲ᠋ᠷᠠᠯᠢᠶ᠎ᠠ ᠬᠣᠶᠠᠷ ᠲᠠᠯ᠎ᠠ᠎ᠪᠠᠷ᠎ᠢᠶᠠᠨ ᠡᠩ ᠲᠡᠷᠢᠭᠦᠨ᠎ᠳᠦ᠂ ᠪᠠᠢᠯᠳᠤᠬᠤ ᠪᠣᠳᠣᠯᠭ᠎ᠠ᠎ᠶ᠋ᠢᠨ ᠢᠲᠡᠭᠡᠯᠴᠡᠭᠡ᠎ᠪᠡᠨ ᠦᠷᠭᠦᠯᠵᠢᠯᠡᠨ ᠨᠡᠮᠡᠭ᠌ᠳᠡᠭᠦᠯᠤᠶᠠ᠃ ᠳᠤᠮᠳᠠᠳᠤ ᠤᠯᠤᠰ᠎ᠤᠨ ᠡᠩᠬᠡ ᠲᠠᠢᠪᠤᠩ ᠬᠥᠭ᠌ᠵᠢᠯᠲᠡ᠎ᠶ᠋ᠢ ᠪᠠᠷᠢᠮᠲᠠᠯᠠᠬᠤ ᠡᠷᠡᠰ ᠵᠣᠷᠢᠭ ᠭᠤᠢᠪᠢᠰᠢ ᠦᠭᠡᠢ᠂ ᠬᠠᠮᠲᠤ᠎ᠪᠠᠷ ᠬᠥᠭ᠌ᠵᠢᠬᠦ᠌᠎ᠶ᠋ᠢ ᠪᠠᠷᠢᠮᠲᠠᠯᠠᠬᠤ ᠣᠢᠯᠠᠭᠠᠭ᠍ᠳᠠᠬᠤᠨ ᠭᠤᠢᠪᠢᠰᠢ ᠦᠭᠡᠢ᠂ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠬᠠᠮᠲᠤᠷᠠᠯᠴᠠᠭ᠎ᠠ ᠬᠥᠭ᠌ᠵᠢᠯᠲᠡ᠎ᠶ᠋ᠢ ᠠᠬᠢᠭᠤᠯᠬᠤ᠎ᠶ᠋ᠢ ᠪᠠᠷᠢᠮᠲᠠᠯᠠᠬᠤ ᠲᠦᠷᠦ᠍᠎ᠶ᠋ᠢᠨ ᠪᠤᠳᠤᠯᠭ᠎ᠠ ᠭᠤᠢᠪᠢᠰᠢ ᠦᠭᠡᠢ ᠪᠠᠢᠵᠤ᠂ ᠡᠯ᠎ᠡ ᠤᠯᠤᠰ᠎ᠤᠨ ᠪᠦᠯᠬᠦᠮᠳᠡᠨ ᠬᠠᠮᠳᠤᠷᠠᠯᠴᠠᠬᠤ᠎ᠶᠢ ᠰᠠᠨᠠᠭᠠᠴᠢᠯᠠᠵᠤ᠂ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠴᠢᠯᠥᠭᠡᠲᠦ ᠠᠷᠠᠯᠵᠢᠶᠠᠨ᠎ᠤ ᠣᠷᠣᠨ᠎ᠤ ᠪᠦᠲᠦᠭᠡᠨ ᠪᠠᠢᠭᠤᠯᠤᠯᠲᠠ᠂ ᠠᠷᠠᠯᠵᠢᠶ᠎ᠠ ᠪᠣᠯᠤᠨ ᠪᠡᠯᠡ ᠣᠷᠣᠭᠤᠯᠤᠯᠲᠠ᠎ᠶ᠋ᠢ ᠴᠢᠯᠥᠭᠡᠳᠠᠢ ᠪᠤᠯᠭᠠᠬᠤ ᠳᠥᠭᠥᠮ ᠪᠤᠯᠭᠠᠬᠤ᠎ᠶ᠋ᠢ ᠠᠬᠢᠭᠤᠯᠵᠤ᠂ ᠭᠠᠵᠠᠷ ᠣᠷᠣᠨ᠎ᠤ ᠡᠩᠬᠡ ᠲᠠᠢᠪᠤᠩ᠂ ᠬᠥᠭ᠌ᠵᠢᠯᠲᠡ᠂ ᠴᠡᠴᠡᠭ᠌ᠯᠡᠯ᠎ᠢ ᠠᠬᠢᠭᠤᠯᠤᠨ᠎ᠠ᠃ ᠬᠣᠶᠠᠷ ᠲᠠᠯ᠎ᠠ᠎ᠪᠠᠷ᠎ᠢᠶᠠᠨ ᠵᠦᠪ ᠤᠨᠤᠪᠴᠢᠳᠠᠢ ᠬᠠᠷᠢᠯᠴᠠᠨ ᠲᠠᠨᠢᠨ ᠮᠡᠳᠡᠷᠡᠬᠦ᠌᠎ᠶ᠋ᠢ ᠪᠠᠷᠢᠮᠲᠠᠯᠠᠵᠤ᠂ ᠬᠠᠷᠢᠯᠴᠠᠨ ᠢᠳᠡᠭᠡᠯᠴᠡᠬᠦ ᠰᠠᠭᠤᠷᠢ᠎ᠪᠠᠨ ᠪᠡᠬᠢᠵᠢᠭᠦᠯᠦᠶ᠎ᠡ᠃ ᠬᠣᠶᠠᠷ᠎ᠲᠤ᠂ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ ᠥᠷᠭᠡᠳᠭᠡᠶ᠎ᠠ᠃ ᠳᠤᠮᠳᠠᠳᠤ ᠤᠯᠤᠰ 16 ᠵᠢᠯ᠎ᠦᠨ ᠲᠤᠷᠰᠢ ᠠᠦ᠋ᠰᠲ᠋ᠷᠠᠯᠢᠶ᠎ᠠ᠎ᠶ᠋ᠢᠨ ᠬᠠᠮᠤᠭ᠎ᠤᠨ ᠲᠤᠮᠤ ᠠᠷᠠᠯᠵᠢᠶᠠᠨ᠎ᠤ ᠬᠠᠨᠢᠲᠠᠨ ᠪᠣᠯᠤᠭ᠍ᠰᠠᠭᠠᠷ ᠢᠷᠡᠵᠦ᠍᠂ ᠳᠤᠮᠳᠠᠳᠤ ᠤᠯᠤᠰ᠎ᠯᠤᠭ᠎ᠠ᠎ᠶ᠋ᠢᠨ ᠠᠷᠠᠯᠵᠢᠶ᠎ᠠ ᠠᠦ᠋ᠰᠲ᠋ᠷᠠᠯᠢᠶ᠎ᠠ᠎ᠳᠤ ᠦᠨᠡᠨ ᠪᠣᠳᠠᠲᠠᠢ ᠠᠱᠢᠭ ᠬᠦᠷᠲᠡᠭᠡᠵᠡᠢ᠃ ᠬᠣᠶᠠᠷ ᠲᠠᠯ᠎ᠠ᠎ᠪᠠᠷ᠎ᠢᠶᠠᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠣᠯᠭᠠᠯᠴᠠᠭ᠎ᠠ᠎ᠶ᠋ᠢ ᠠᠬᠢᠭᠤᠯᠵᠤ᠂ ᠬᠣᠶᠠᠷ ᠤᠯᠤᠰ᠎ᠤᠨ ᠠᠵᠤ ᠠᠬᠤᠢᠯᠠᠯ᠎ᠳᠤ ᠦᠨᠡᠨ ᠬᠦ᠌ ᠰᠠᠢ᠌ᠨ ᠰᠠᠢᠬᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠵᠤ᠂ ᠨᠡᠩ ᠤᠯᠠᠨ ᠠᠱᠢᠭ ᠲᠤᠰᠠ᠎ᠶ᠋ᠢᠨ ᠨᠡᠢᠯᠡᠯ ᠴᠡᠭ ᠪᠣᠯᠤᠨ ᠬᠠᠮᠲᠤᠷᠠᠯᠴᠠᠭᠠᠨ᠎ᠤ ᠨᠡᠮᠡᠭ᠌ᠳᠡᠯ᠎ᠦᠨ ᠴᠡᠭ᠎ᠢ ᠪᠤᠢ ᠪᠣᠯᠭᠠᠵᠤ᠂ ᠬᠠᠮᠲᠤᠷᠠᠯᠴᠠᠭᠠᠨ᠎ᠤ ᠲᠡᠰ ᠳᠠᠪᠬᠤᠷᠭ᠎ᠠ ᠪᠣᠯᠤᠨ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠪᠡᠯ ᠵᠤᠬᠢᠨ᠎ᠠ᠃ ᠭᠤᠷᠪᠠ᠎ᠳᠤ᠂ ᠠᠷᠠᠳ ᠲᠦᠮᠡᠨ᠎ᠦ ᠨᠥᠬᠥᠷᠯᠡᠯ᠎ᠢ ᠥᠷᠭᠡᠨ᠎ᠢᠶᠡᠷ ᠪᠤᠢ ᠪᠣᠯᠭᠠᠶ᠎ᠠ᠃ ᠬᠣᠶᠠᠷ ᠤᠯᠤᠰ᠎ᠤᠨ ᠠᠷᠠᠳ ᠲᠦᠮᠡᠨ᠎ᠦ ᠰᠡᠳᠭᠢᠯ ᠪᠤᠯ ᠬᠠᠷᠢᠯᠴᠠᠨ ᠨᠡᠪᠲᠡᠷᠡᠯᠴᠡᠭ᠌ᠰᠡᠨ ᠶᠤᠮ᠂ ᠨᠥᠬᠥᠷᠯᠡᠯ ᠪᠣᠯ ᠴᠢᠩ ᠦᠨᠡᠨᠴᠢ ᠶᠤᠮ᠂ ᠳᠤᠮᠳᠠᠳᠤ ᠤᠯᠤᠰ ᠠᠦ᠋ᠰᠲ᠋ᠷᠠᠯᠢᠶ᠎ᠠ᠎ᠶ᠋ᠢᠨ ᠡᠯ᠎ᠡ ᠡᠲᠡᠭᠡᠳ᠎ᠦᠨ ᠨᠠᠩ ᠣᠯᠠᠨ ᠬᠥᠮᠦᠰ᠎ᠦᠨ ᠳᠤᠮᠳᠠᠳᠤ ᠤᠯᠤᠰ᠎ᠲᠤ ᠢᠷᠡᠵᠦ᠍ ᠲᠣᠭᠣᠷᠢᠨ ᠦᠵᠡᠬᠦ᠌᠎ᠶ᠋ᠢ ᠪᠠᠶᠠᠷᠯᠠᠨ ᠤᠭ᠍ᠲᠤᠵᠤ ᠪᠠᠢᠨ᠎ᠠ᠂ ᠳᠤᠷᠠᠲᠠᠶ᠎ᠠ ᠠᠦ᠋ᠰᠲ᠋ᠷᠠᠯᠢᠶ᠎ᠠ᠎ᠶ᠋ᠢᠨ ᠨᠠᠩ ᠣᠯᠠᠨ ᠵᠠᠯᠠᠭᠤᠴᠤᠳ ᠪᠠᠭᠠᠴᠤᠳ᠎ᠢ ᠤᠷᠢᠵᠤ ᠳᠤᠮᠳᠠᠳᠤ ᠤᠯᠤᠰ᠎ᠲᠤ ᠢᠷᠡᠬᠦᠯᠦᠨ ᠰᠣᠯᠢᠯᠴᠠᠨ ᠰᠤᠷᠤᠯᠴᠠᠭᠤᠯᠵᠤ᠂ ᠳᠤᠮᠳᠠᠳᠤ ᠠᠦ᠋ᠰᠲ᠋ᠷᠠᠯᠢᠶ᠎ᠠ᠎ᠶ᠋ᠢᠨ ᠨᠥᠬᠥᠷᠯᠡᠯ᠎ᠦᠨ ᠮᠣᠳᠣ᠎ᠶᠢᠨ ᠰᠠᠯᠠᠭ᠎ᠠ ᠨᠠᠮᠠᠭ᠎ᠠ᠎ᠶ᠋ᠢ ᠨᠠᠩ ᠢᠭ᠍ᠴᠤ ᠰᠠᠬᠤᠯᠢᠭ ᠪᠤᠯᠭᠠᠨ᠎ᠠ᠃ ᠲᠦᠷᠪᠡ᠎ᠳᠦ᠂ ᠠᠶᠤᠯ ᠲᠦᠭ᠌ᠰᠢᠭᠦᠷᠢ ᠪᠠ ᠥᠷᠢᠰᠥᠯᠳᠦᠭᠡᠨ᠎ᠢ ᠬᠠᠮᠲᠤ᠎ᠪᠠᠷ ᠠᠷᠭᠠᠴᠠᠭᠠᠶ᠎ᠠ᠃ ᠡᠭᠡᠳᠡᠷᠡᠭᠡᠨ ᠪᠤᠳᠤᠯᠢᠶᠠᠨᠲᠠᠢ ᠳᠡᠯᠡᠬᠡᠢ᠎ᠶ᠋ᠢᠨ ᠪᠠᠢᠳᠠᠯ᠎ᠤᠨ ᠡᠮᠦᠨ᠎ᠡ᠂ ᠡᠯ᠎ᠡ ᠤᠯᠤᠰ ᠬᠠᠮᠲᠤ᠎ᠪᠠᠷ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠵᠤ᠂ ᠤᠯᠠᠨ ᠲᠠᠯᠠᠲᠤ ᠦᠵᠡᠯ ᠪᠣᠯᠤᠨ ᠴᠢᠯᠥᠭᠡᠲᠦ ᠠᠷᠠᠯᠵᠢᠶ᠎ᠠ᠎ᠶ᠋ᠢ ᠬᠠᠮᠠᠭᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠪᠠᠷ ᠭᠣᠣᠯ ᠪᠣᠯᠭᠠᠭ᠍ᠰᠠᠨ ᠤᠯᠠᠨ ᠤᠯᠤᠰ᠎ᠤᠨ ᠱᠢᠰᠲ᠋ᠧᠮ ᠪᠣᠯᠤᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭᠠᠭ᠍ᠰᠠᠨ ᠤᠯᠠᠨ ᠤᠯᠤᠰ᠎ᠤᠨ ᠡᠮᠬᠢ ᠳᠢᠭ᠌ᠯᠢᠮ᠎ᠢ ᠬᠠᠮᠠᠭᠠᠯᠠᠵᠤ᠂ ᠤᠯᠠᠨ ᠤᠯᠤᠰ᠎ᠤᠨ ᠡᠮᠬᠢ ᠳᠢᠭ᠌ᠯᠢᠮ᠎ᠦᠨ ᠨᠡᠩ ᠲᠥᠪ ᠭᠣᠣᠯᠴᠢ ᠵᠦᠢ ᠵᠣᠬᠢᠰᠲᠠᠢ ᠴᠢᠭ᠌ᠯᠡᠯᠲᠡᠢᠰᠢ ᠬᠥᠭ᠌ᠵᠢᠬᠦ᠌᠎ᠶ᠋ᠢ ᠠᠬᠢᠭᠤᠯᠪᠡᠯ ᠵᠤᠬᠢᠨ᠎ᠠ ᠭᠡᠵᠤ ᠴᠢᠬᠤᠯᠠᠴᠢᠯᠠᠪᠠ᠃
ᠠᠯᠪᠠᠨᠢᠰ᠂ ᠤᠢ᠍ᠢᠷ᠎ᠠ᠎ᠶ᠋ᠢᠨ ᠵᠢᠯ᠎ᠳ᠋ᠤ᠂ ᠠᠦ᠋ᠰᠲᠷᠠᠯᠢᠶ᠎ᠠ ᠳᠤᠮᠳᠠᠳᠤ᠎ᠶ᠋ᠢᠨ ᠬᠠᠷᠢᠯᠴᠠᠭ᠎ᠠ ᠢᠳᠡᠪᠬᠢᠲᠡᠢ ᠠᠬᠢᠴᠠ᠎ᠲᠠᠶ ᠪᠣᠯᠪᠠ᠃ ᠠᠦ᠋ᠰᠲ᠋ᠷᠠᠯᠢᠶ᠎ᠠ᠎ᠶ᠋ᠢᠨ ᠬᠢᠨ ᠳᠤᠮᠳᠠᠳᠤ ᠤᠯᠤᠰ᠎ᠯᠤᠭ᠎ᠠ᠎ᠶ᠋ᠢᠨ ᠬᠠᠷᠢᠯᠴᠠᠭ᠎ᠠ᠎ᠶ᠋ᠢ ᠲᠤᠢᠯ᠎ᠢᠶᠠᠷ ᠨᠠᠨᠳᠢᠩᠨᠠᠵᠤ᠂ ᠳᠤᠮᠳᠠᠳᠤ ᠤᠯᠤᠰ᠎ᠯᠤᠭ᠎ᠠ ᠬᠠᠮᠲᠤ᠎ᠪᠠᠷ ᠡᠷᠬᠡ ᠲᠡᠭ᠌ᠰᠢ᠎ᠪᠡᠷ ᠬᠠᠨᠳᠤᠯᠴᠠᠵᠤ᠂ ᠠᠳᠠᠯᠢ ᠲᠠᠯ᠎ᠠ᠎ᠪᠠᠨ ᠡᠷᠢᠵᠦ᠍ ᠵᠥᠷᠢᠶ᠎ᠡ᠎ᠪᠡᠨ ᠦᠯᠡᠳᠡᠭᠡᠵᠦ᠍᠂ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ ᠬᠢᠵᠦ᠍᠂ ᠠᠦ᠋ᠰᠲ᠋ᠷᠠᠯᠢᠶ᠎ᠠ ᠳᠤᠮᠳᠠᠳᠤ᠎ᠶ᠋ᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠶ᠋ᠢ ᠬᠦᠰᠡᠵᠦ᠍ ᠪᠠᠢᠨ᠎ᠠ᠂ ᠡᠨᠡ ᠨᠢ ᠬᠣᠶᠠᠷ ᠤᠯᠤᠰ᠎ᠤᠨ ᠬᠠᠮᠲᠤ᠎ᠶ᠋ᠢᠨ ᠠᠱᠢᠭ ᠲᠤᠰᠠᠲᠠᠶ ᠨᠡᠢᠴᠡᠬᠦ᠌ ᠪᠥᠭᠡᠳ ᠭᠠᠵᠠᠷ ᠣᠷᠣᠨ᠎ᠤ ᠲᠣᠭ᠍ᠲᠠᠭᠤᠨ ᠪᠠ ᠬᠥᠭ᠌ᠵᠢᠯ ᠴᠡᠴᠡᠭ᠌ᠯᠡᠯ᠎ᠳᠦ ᠴᠦ᠍ ᠠᠱᠢᠭ᠍ᠲᠠᠢ ᠶᠤᠮ᠃ ᠠᠦ᠋ᠰᠲ᠋ᠷᠠᠯᠢᠶ᠎ᠠ᠎ᠶ᠋ᠢᠨ ᠬᠢᠨ ᠨᠢᠭᠡ ᠳᠤᠮᠳᠠᠳᠤ ᠤᠯᠤᠰ ᠪᠠᠢᠬᠤ ᠲᠥᠷᠥ᠎ᠶ᠋ᠢᠨ ᠪᠣᠳᠣᠯᠭ᠎ᠠ᠎ᠶ᠋ᠢ ᠪᠠᠷᠢᠮᠲᠠᠯᠠᠵᠤ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》᠎ᠶᠢ ᠳᠡᠮᠵᠢᠬᠦ᠌ ᠥᠬᠡᠶ᠃ ᠠᠦ᠋ᠰᠲ᠋ᠷᠠᠯᠢᠶ᠎ᠠ᠎ᠶᠢᠨ ᠬᠢᠨ ᠲᠤᠷᠠᠳᠠᠶ᠎ᠠ ᠳᠤᠮᠳᠠᠳᠤ ᠤᠯᠤᠰ᠎ᠯᠤᠭ᠎ᠠ ᠡᠯ᠎ᠡ ᠳᠡᠰ ᠳᠠᠪᠬᠤᠷᠭ᠎ᠠ᠎ᠶ᠋ᠢᠨ ᠬᠠᠷᠢᠯᠴᠠᠭ᠎ᠠ᠎ᠪᠠᠨ ᠪᠠᠲᠤᠯᠠᠵᠤ᠂ ᠢᠲᠡᠭᠡᠯᠴᠡᠭᠡ᠎ᠪᠡᠨ ᠨᠡᠮᠡᠭ᠌ᠳᠡᠭᠦᠯᠦᠨ᠎ᠡ᠃ ᠳᠤᠮᠳᠠᠳᠤ ᠤᠯᠤᠰ᠎ᠤᠨ ᠬᠥᠭ᠌ᠵᠢᠯᠲᠡ ᠨᠢ ᠠᠦ᠋ᠰᠲ᠋ᠷᠠᠯᠢᠶ᠎ᠠ᠎ᠳᠤ ᠲᠤᠢᠯ᠎ᠤᠨ ᠴᠢᠬᠤᠯᠠ ᠶᠤᠮ᠂ ᠠᠦ᠋ᠰᠲ᠋ᠷᠠᠯᠢᠶ᠎ᠠ᠎ᠶ᠋ᠢᠨ ᠬᠢᠨ ᠶᠡᠷᠤ᠎ᠡᠴᠡ ᠳᠤᠮᠳᠠᠳᠤ ᠤᠯᠤᠰ᠎ᠤᠨ ᠠᠵᠤ ᠠᠬᠤᠢ᠎ᠡᠴᠡ ᠰᠠᠯᠤᠩᠭᠢᠷᠠᠬᠤ᠎ᠶᠢ ᠡᠷᠢᠯᠬᠢᠯᠡᠬᠦ ᠦᠭᠡᠢ᠂ ᠳᠤᠷᠠᠲᠠᠶ᠎ᠠ ᠬᠣᠶᠠᠷ ᠲᠠᠯ᠎ᠠ᠎ᠶ᠋ᠢᠨ ᠠᠷᠠᠯᠵᠢᠶᠠᠨ᠎ᠤ ᠰᠠᠭᠠᠳ ᠦᠭᠡᠢ ᠨᠡᠪᠲᠡᠷᠡᠬᠦ᠌᠎ᠶ᠋ᠢ ᠪᠠᠲᠤᠯᠠᠵᠤ᠂ ᠪᠣᠬᠢᠷᠲᠤᠯ ᠦᠭᠡᠢ ᠠᠵᠤ ᠦᠢᠯᠡᠰ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ᠂ ᠡᠮ ᠡᠮᠨᠡᠯᠭᠡ᠎ᠶ᠋ᠢᠨ ᠮᠡᠷᠭᠡᠵᠢᠯ ᠵᠡᠷᠭᠡ ᠬᠦᠷᠢᠶᠡᠨ᠎ᠳ᠋ᠡᠬᠢ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠠᠬᠢᠭᠤᠯᠵᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠦᠨ᠎ᠡ᠃ ᠲᠤᠷᠠᠳᠠᠶ᠎ᠠ ᠵᠢᠭᠤᠯᠴᠢᠯᠠᠯ᠂ ᠰᠤᠷᠭᠠᠨ ᠬᠥᠮᠦᠵᠢᠯ᠂ ᠪᠡᠶ᠎ᠡ᠎ᠶ᠋ᠢᠨ ᠲᠠᠮᠢᠷ ᠵᠡᠷᠭᠡ ᠰᠣᠶᠣᠯ ᠢᠷᠭᠡᠨᠱᠢᠯ᠎ᠦᠨ ᠰᠣᠯᠢᠯᠴᠠᠭ᠎ᠠ᠎ᠶ᠋ᠢ ᠴᠢᠩᠭᠠᠳᠭᠠᠵᠤ᠂ ᠠᠷᠠᠳ ᠲᠦᠮᠡᠨ᠎ᠦ ᠬᠠᠷᠢᠯᠴᠠᠨ ᠣᠢᠯᠠᠭᠠᠯᠴᠠᠬᠤ᠎ᠶ᠋ᠢ ᠠᠬᠢᠭᠤᠯᠤᠨ᠎ᠠ᠃ ᠦᠢᠮᠡᠬᠡᠨ ᠲᠠᠪᠵᠢᠶᠠᠨ ᠰᠤᠯᠪᠢᠴᠠᠬᠰᠠᠨ ᠳᠡᠯᠡᠬᠡᠢ ᠶᠢᠷᠲᠢᠨᠴᠦ᠍᠎ᠶ᠋ᠢᠨ ᠡᠮᠦᠨ᠎ᠡ᠂ ᠠᠦ᠋ᠰᠲ᠋ᠷᠠᠯᠢᠶ᠎ᠠ᠎ᠶ᠋ᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠴᠢᠬᠤᠯᠠ ᠦᠢᠯᠡᠳᠦᠯ᠎ᠢᠶᠡᠨ ᠪᠠᠳᠠᠷᠠᠭᠤᠯᠬᠤ᠎ᠶ᠋ᠢ ᠲᠡᠮᠵᠢᠵᠤ᠂ ᠴᠢᠯᠥᠭᠡᠲᠦ ᠠᠷᠠᠯᠵᠢᠶ᠎ᠠ ᠪᠣᠯᠤᠨ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠲᠦᠷᠢᠮ᠎ᠢ ᠬᠠᠮᠲᠤ᠎ᠪᠠᠷ ᠬᠠᠮᠠᠭᠠᠯᠠᠵᠤ᠂ ᠳᠡᠯᠡᠬᠡᠢ ᠨᠡᠢᠭᠡᠮ᠎ᠳᠦ ᠨᠡᠩ ᠤᠯᠠᠨ ᠲᠣᠭ᠍ᠲᠠᠪᠤᠷᠢᠳᠤ ᠴᠢᠨᠠᠷ᠂ ᠲᠣᠭ᠍ᠲᠠᠭᠠᠯᠲᠤ ᠴᠢᠨᠠᠷ᠎ᠢ ᠬᠠᠩᠭᠠᠨ᠎ᠠ᠃ ᠠᠦ᠋ᠰᠲ᠋ᠷᠠᠯᠢᠶ᠎ᠠ᠎ᠶ᠋ᠢᠨ ᠬᠢᠨ ᠳᠤᠮᠳᠠᠳᠤ ᠤᠯᠤᠰ᠎ᠤᠨ 2026 ᠣᠨ᠎ᠤ ᠠᠽᠢᠶ᠎ᠠ ᠲᠢᠪ ᠨᠣᠮᠣᠬᠠᠨ ᠲᠡᠯᠡᠶ᠎ᠶ᠋ᠢᠨ ᠣᠷᠣᠨ᠎ᠤ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠡᠷᠬᠢᠯᠡᠭ᠌ᠴᠢ ᠤᠯᠤᠰ ᠤ᠋ᠨ ᠲᠤᠰᠢᠶᠠᠯ᠎ᠢ ᠡᠬᠦᠷᠭᠡᠯᠡᠬᠦ᠎ᠶᠢ ᠳᠡᠮᠵᠢᠨ᠎ᠡ ᠭᠡᠵᠤ ᠢᠯᠡᠳᠭᠡᠪᠡ᠃