ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠵᠣᠬᠢᠶᠠᠯ᠎ᠤᠨ ᠰᠤᠩᠭᠤᠮᠠᠯ》 ᠤ᠋ᠨ ᠨᠢᠭᠡᠳᠦᠭᠡᠷ ᠪᠤᠳᠢ᠎ᠶ᠋ᠢ ᠬᠡᠪᠯᠡᠨ ᠲᠠᠷᠬᠠᠭᠠᠪᠠ
ᠨᠡᠶ᠋ᠢᠲᠡᠯᠡᠭᠰᠡᠨ ᠴᠠᠭ᠄ 2025-07-08

     ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 7 ᠰᠠᠷ᠎ᠠ᠎ᠶ᠋ᠢᠨ 6᠎ᠤ᠋ ᠴᠠᠬᠢᠯᠭᠠᠨ ᠮᠡᠳᠡᠭᠡ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠨᠠᠢᠷᠠᠭᠤᠯᠤᠭ᠍ᠰᠠᠨ《ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠵᠣᠬᠢᠶᠠᠯ᠎ᠤᠨ ᠰᠤᠩᠭᠤᠮᠠᠯ》᠎ᠤᠨ ᠨᠢᠭᠡᠳᠦᠭᠡᠷ ᠪᠣᠲᠢ᠎ᠶ᠋ᠢ ᠣᠢᠷ᠎ᠠ᠎ᠳᠤ ᠲᠥᠪ᠎ᠦᠨ ᠲᠤᠯᠭᠤᠷ ᠪᠢᠴᠢᠭ᠎ᠦᠨ ᠬᠡᠪᠯᠡᠯ᠎ᠦᠨ ᠬᠣᠷᠢᠶ᠎ᠠ ᠡᠴᠡ ᠬᠡᠪᠯᠡᠭᠦᠯᠵᠦ᠍᠂ ᠪᠥᠬᠥ᠌ ᠤᠯᠤᠰ᠎ᠲᠤ ᠲᠠᠷᠬᠠᠭᠠᠪᠠ᠃

     ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠬᠥᠭ᠌ᠵᠢᠯᠲᠡ᠎ᠶ᠋ᠢᠨ ᠦᠨᠳᠦᠷᠴᠡ᠎ᠠᠴᠠ ᠭᠠᠷᠳᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠢᠯᠡᠰ᠎ᠲᠡᠬᠢ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠴᠢᠬᠤᠯᠠ ᠪᠠᠢᠷᠢ ᠰᠠᠭᠤᠷᠢ ᠪᠠ ᠪᠠᠢᠯᠳᠤᠬᠤ ᠪᠤᠳᠤᠯᠭ᠎ᠠ᠎ᠶ᠋ᠢᠨ ᠠᠴᠢ ᠬᠣᠯᠪᠣᠭ᠍ᠳᠠᠯ᠎ᠢ ᠭᠦᠨᠵᠡᠭᠡᠢ ᠡᠵᠡᠮᠳᠡᠵᠦ᠂ ᠠᠮᠢ ᠠᠬᠤᠢ᠎ᠶ᠋ᠢᠨ ᠪᠣᠯᠪᠠᠰᠤᠨ᠎ᠤ ᠤᠨᠤᠯ᠎ᠤᠨ ᠱᠢᠨ᠎ᠡ ᠡᠭᠦᠳᠦᠯᠲᠡ᠂ ᠦᠢᠯᠡᠳᠦᠯᠭᠡ᠎ᠶ᠋ᠢᠨ ᠱᠢᠨ᠎ᠡ ᠡᠭᠦᠳᠦᠯᠲᠡ᠂ ᠳᠦᠷᠢᠮ᠎ᠦᠨ ᠱᠢᠨ᠎ᠡ ᠡᠭᠦᠳᠦᠯᠲᠡ᠎ᠶ᠋ᠢ ᠶᠡᠬᠡ᠎ᠪᠡᠷ ᠠᠬᠢᠭᠤᠯᠵᠤ᠂ ᠠᠯᠢ ᠣᠯᠠᠨ ᠱᠢᠨ᠎ᠡ ᠣᠢᠯᠠᠭᠠᠭ᠍ᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠪᠠᠢᠯᠳᠤᠬᠤ ᠪᠣᠳᠣᠯᠭ᠎ᠠ᠎ᠶ᠋ᠢ ᠳᠤᠷᠠᠳᠤᠨ ᠭᠠᠷᠭᠠᠵᠤ᠂ ᠮᠠᠨ᠎ᠤ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠤᠨᠤᠯ᠎ᠡᠴᠡ ᠦᠢᠯᠡᠳᠦᠯᠭᠡ᠎ᠳᠦ ᠬᠦᠷᠲᠡᠯ᠎ᠡ ᠴᠥᠮ ᠲᠡᠦᠬᠡᠲᠦ ᠴᠢᠨᠠᠷᠲᠠᠢ᠂ ᠡᠷᠭᠢᠯᠳᠡ᠎ᠶᠢᠨ ᠴᠢᠨᠠᠷᠳᠠᠢ᠂ ᠪᠦᠬᠦ᠌ ᠲᠠᠯ᠎ᠠ᠎ᠶ᠋ᠢᠨ ᠴᠢᠨᠠᠷᠲᠠᠶ ᠬᠤᠪᠢᠷᠠᠯᠲᠠ ᠲᠠᠢ ᠪᠤᠯᠬᠤ᠎ᠶ᠋ᠢ ᠬᠦᠳᠦᠯᠦᠨ ᠳᠠᠭᠠᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠴᠢᠬᠤᠯᠠ ᠶᠡᠬᠡ ᠠᠯᠬᠤᠮ᠎ᠢ ᠠᠯᠬᠤᠵᠤ᠂ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠪᠦᠷᠢᠯᠳᠦᠭᠦᠯᠪᠡ᠃ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠤᠭᠰᠠᠨ ᠴᠢᠬᠤᠯᠠ ᠶᠡᠬᠡ ᠦᠷ᠎ᠡ ᠪᠦᠲᠦᠭᠡᠯ ᠪᠠᠢᠵᠤ᠂ ᠮᠠᠨ᠎ᠤ ᠨᠠᠮ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠶ᠋ᠢ ᠱᠢᠨ᠎ᠡ ᠦᠨᠳᠦᠷᠴᠡ᠎ᠳᠤ ᠬᠦᠷᠭᠡᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠎ᠪᠠᠷ ᠬᠥᠮᠦᠨ ᠪᠠ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠣᠳᠣᠬᠢᠴᠢᠯᠠᠯᠲᠠ ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠪᠠ᠃

     《ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠵᠣᠬᠢᠶᠠᠯ᠎ᠤᠨ ᠰᠤᠩᠭᠤᠮᠠᠯ》ᠤ᠋ᠨ ᠨᠢᠭᠡᠳᠦᠭᠡᠷ ᠪᠤᠳᠢ᠎ᠳᠤ ᠰᠢ ᠵᠢᠨ ᠫᠢᠩ ᠨᠥᠬᠥᠷ᠎ᠦᠨ 2012 ᠣᠨ᠎ᠤ 12 ᠰᠠᠷ᠎ᠠ᠎ᠡᠴᠡ 2025 ᠣᠨ᠎ᠤ 4 ᠰᠠᠷ᠎ᠠ ᠪᠣᠯᠲᠠᠯᠠᠬᠢ ᠬᠤᠭᠤᠴᠠᠭᠠᠨ᠎ᠳᠡᠬᠢ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠤᠬᠠᠢ ᠬᠠᠮᠤᠭ ᠎ᠤᠨ ᠴᠢᠬᠤᠯᠠ᠂ ᠬᠠᠮᠤᠭ᠎ᠤᠨ ᠦᠨᠳᠦᠰᠦᠨ ᠵᠣᠬᠢᠶᠠᠯ᠎ᠢ ᠣᠷᠣᠭᠤᠯᠵᠤ᠂ ᠴᠠᠭ᠎ᠤᠨ ᠳᠠᠷᠠᠭᠠᠯᠠᠯ᠎ᠢᠶᠠᠷ ᠨᠠᠢᠷᠠᠭᠤᠯᠤᠨ ᠵᠢᠭ᠍ᠰᠠᠭᠠᠵᠤ᠂ ᠮᠡᠳᠡᠭᠦᠯᠦᠯᠲᠡ᠂ ᠶᠠᠷᠢᠶ᠎ᠠ᠂ ᠶᠠᠷᠢᠶ᠎ᠠ ᠢᠯᠡᠳᠭᠡᠯ᠂ ᠵᠢᠭᠠᠪᠤᠷᠢ᠂ ᠴᠣᠬᠣᠯᠠᠪᠤᠷᠢ ᠵᠡᠷᠭᠡ 79 ᠵᠤᠬᠢᠶᠠᠯ ᠪᠤᠢ᠃ ᠬᠡᠰᠡᠭ ᠵᠣᠬᠢᠶᠠᠯ᠎ᠢ ᠠᠩᠬ᠎ᠠ ᠤᠳᠠᠭ᠎ᠠ ᠢᠯᠡ᠎ᠪᠡᠷ ᠨᠡᠢᠲᠡᠯᠡᠵᠦ᠍ ᠪᠠᠢᠨ᠎ᠠ᠃

      《ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠵᠣᠬᠢᠶᠠᠯ᠎ᠤᠨ ᠰᠤᠩᠭᠤᠮᠠᠯ》ᠤ᠋ᠨ ᠨᠢᠭᠡᠳᠦᠭᠡᠷ ᠪᠤᠳᠢ᠎ᠶ᠋ᠢ ᠬᠡᠪᠯᠡᠨ ᠲᠠᠷᠬᠠᠭᠠᠭᠰᠠᠨ ᠨᠢ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ᠎ᠦᠨ ᠠᠮᠢ ᠠᠬᠤᠢ ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠎ᠳᠤ ᠡᠷᠬᠡ ᠰᠦᠷᠲᠦ ᠵᠢᠭᠠᠬᠤ ᠮᠠᠲ᠋ᠧᠷᠢᠶᠠᠯ ᠬᠠᠩᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠦ 《ᠬᠣᠶᠠᠷ ᠎ᠢ ᠲᠣᠭ᠍ᠲᠠᠭᠠᠭᠰᠠᠨ》ᠤ᠋ ᠱᠢᠶ᠋ᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》ᠢ᠋ᠶ᠋ᠡᠨ ᠴᠢᠩᠭᠠᠳᠬᠠᠵᠤ᠂ 《ᠳᠥᠷᠪᠡᠨ ᠢᠲᠡᠭᠡᠯ》ᠢ᠋ᠶ᠋ᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》ᠶ᠋ᠢ ᠪᠡᠶᠡᠯᠡᠭᠦᠯᠵᠦ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠢᠭ᠍ᠲᠠᠷᠠᠨ ᠪᠦᠯᠬᠦᠮᠳᠡᠵᠦ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶ᠋ᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠎ᠤᠨ ᠵᠤᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠨᠤᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ᠦᠢᠯᠡᠳᠪᠦᠷᠢᠯᠡᠯ ᠬᠥᠭ᠌ᠵᠢᠭᠰᠡᠨ᠂ ᠠᠮᠢᠳᠤᠷᠠᠯ ᠪᠠᠶᠠᠵᠢᠭᠰᠠᠨ᠂ ᠠᠮᠢ ᠠᠬᠤᠶ ᠰᠠᠢᠨ ᠪᠠᠢᠬᠤ ᠪᠣᠯᠪᠠᠰᠤᠨ ᠬᠥᠭ᠌ᠵᠢᠯᠲᠡ᠎ᠶ᠋ᠢᠨ ᠵᠠᠮ᠎ᠢᠶᠡᠷ ᠡᠷᠡᠰ ᠭᠤᠢᠪᠢᠰᠢ ᠦᠭᠡᠶ ᠵᠠᠮᠨᠠᠵᠤ᠂ ᠴᠢᠨᠠᠷ ᠰᠠᠢᠲᠠᠶ ᠠᠮᠢ ᠠᠬᠤᠶ ᠣᠷᠴᠢᠨ ᠲᠣᠭᠣᠷᠢᠨ᠎ᠢᠶᠠᠷ ᠴᠢᠨᠠᠷ ᠰᠠᠢᠲᠠᠶ ᠬᠥᠭ᠌ᠵᠢᠯᠲᠡ᠎ᠶ᠋ᠢ ᠲᠤᠯᠭᠠᠭᠤᠷᠢᠯᠠᠵᠤ᠂ ᠬᠥᠮᠦᠨ ᠪᠠ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠣᠳᠣᠬᠢᠴᠢᠯᠠᠯᠲᠠ᠎ᠶ᠋ᠢ ᠲᠦᠷᠭᠡᠪᠴᠢᠯᠡᠨ ᠠᠬᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠳᠤᠮᠳᠠᠳᠤ ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠥᠷᠭᠡᠨ ᠠᠭᠤᠳᠠᠮ ᠠᠯᠤᠰ ᠢᠷᠡᠭᠡᠳᠦᠢ᠎ᠶ᠋ᠢ ᠡᠬᠢᠯᠡᠬᠦᠯᠬᠦ᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            