ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠤᠯᠤᠰ ᠲᠥᠷᠥ ᠵᠢᠨ ᠵᠥᠪ ᠴᠢᠭᠯᠡᠯ ᠵᠢᠨᠨ ᠪᠠᠲᠤᠳᠬᠠᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠵᠦ ᠨᠠᠮ᠎ᠤᠨ ᠲᠤᠭ᠎ᠤᠨ ᠳᠣᠣᠷ᠎ᠠ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠵᠤ ᠰᠢᠨ᠎ᠡ ᠠᠮᠵᠢᠯᠲᠠ ᠪᠦᠲᠦᠮᠵᠢ ᠡᠭᠦᠳᠬᠦ ᠬᠡᠷᠡᠭᠲᠡᠢ
ᠨᠡᠶ᠋ᠢᠲᠡᠯᠡᠭᠰᠡᠨ ᠴᠠᠭ᠄ 2025-07-03


ᠰᠢ ᠵᠢᠨ ᠫᠢᠩ ᠪᠥᠬᠥ ᠤᠯᠤᠰ᠎ᠤᠨ ᠵᠠᠯᠠᠭᠤᠴᠤᠳ᠎ᠤᠨ ᠬᠣᠯᠪᠣᠭ᠎ᠠ ᠵᠢᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠭᠡᠰᠢᠭᠦᠳ᠎ᠤᠨ ᠬᠤᠷᠠᠯ  ᠪᠥᠬᠥ ᠤᠯᠤᠰ᠎ᠤᠨ ᠰᠣᠷᠣᠭᠴᠢᠳ᠎ᠤᠨ ᠬᠣᠯᠪᠣᠭ᠎ᠠ ᠵᠢᠨ ᠬᠣᠷᠢᠨ ᠨᠠᠢ᠍ᠮᠠᠳᠤᠭ᠋ᠠᠷ ᠶᠡᠬᠡ ᠬᠤᠷᠠᠯ ᠬᠤᠷᠠᠯᠳᠤᠭᠰᠠᠨ᠎ᠳᠤ ᠪᠠᠶᠠᠷ᠎ᠤᠨ ᠵᠠᠬᠢᠳᠠᠯ ᠢᠯᠡᠭᠡᠬᠦ᠎ᠳᠡᠭᠡᠨ ᠴᠢᠬᠤᠯᠠᠴᠢᠯᠠᠭᠰᠠᠨ᠎ᠨᠢ  ᠤᠯᠤᠰ ᠲᠥᠷᠥ ᠵᠢᠨ ᠵᠥᠪ ᠴᠢᠭᠯᠡᠯ ᠵᠢᠨᠨ ᠪᠠᠲᠤᠳᠬᠠᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠵᠦ ᠨᠠᠮ᠎ᠤᠨ ᠲᠤᠭ᠎ᠤᠨ ᠳᠣᠣᠷ᠎ᠠ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠵᠤ ᠰᠢᠨ᠎ᠡ ᠠᠮᠵᠢᠯᠲᠠ ᠪᠦᠲᠦᠮᠵᠢ ᠡᠭᠦᠳᠬᠦ ᠬᠡᠷᠡᠭᠲᠡᠢ

ᠼᠠᠢ ᠴᠢ ᠡᠭᠢᠯᠡᠯᠲᠡ ᠵᠢᠨ ᠬᠤᠷᠠᠯ᠎ᠳᠤ ᠣᠷᠣᠯᠴᠠᠵᠠᠢ

   ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 2᠎ᠤᠨ ᠴᠠᠭᠢᠯᠭ᠋ᠠᠨ ᠮᠡᠳᠡᠭᠡ  ᠳᠤᠮᠳᠠᠳᠤ ᠵᠢᠨ ᠪᠦᠭᠦ ᠤᠯᠤᠰ᠎ᠤᠨ ᠵᠠᠯᠠᠭᠤᠴᠤᠳ᠎ᠤᠨ ᠬᠣᠯᠪᠤᠭ᠎ᠠ ᠵᠢᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠪᠦᠭᠦ ᠭᠡᠰᠢᠭᠦᠳ᠎ᠤᠨ ᠬᠤᠷᠠᠯ᠂ ᠳᠤᠮᠳᠠᠳᠤ ᠵᠢᠨ ᠪᠦᠭᠦ ᠤᠯᠤᠰ᠎ᠤᠨ ᠰᠤᠷᠤᠬ᠍ᠴᠢᠳ᠎ᠤᠨ ᠬᠣᠯᠪᠤᠭ᠎ᠠ ᠵᠢᠨ ᠬᠣᠷᠢᠨ ᠨᠠᠢ᠍ᠮᠠᠳᠤᠭ᠋ᠠᠷ ᠤᠳᠠᠭ᠎ᠠ ᠵᠢᠨ ᠲᠥᠯᠥᠭᠡᠯᠡᠭᠴᠢᠳ᠎ᠤᠨ ᠶᠡᠬᠡ ᠬᠤᠷᠠᠯ 2᠎ᠤᠨ ᠦᠳᠡ ᠵᠢᠨ ᠡᠮᠦᠨ᠎ᠡ ᠪᠡᠭᠡᠵᠢᠩ᠎ᠳᠤ ᠡᠬᠢᠯᠡᠪᠡ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠪᠠᠶᠠᠷ᠎ᠤᠨ ᠵᠠᠬᠢᠳᠠᠯ ᠢᠯᠡᠭᠡᠵᠦ᠂ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠠᠴᠠ ᠪᠠᠶᠠᠷ ᠬᠦᠷᠭᠡᠵᠦ ᠪᠠᠢ᠌ᠬᠤ᠎ᠪᠠᠨ ᠢᠯᠡᠳᠬᠡᠵᠦ᠂ ᠪᠦᠭᠦ ᠤᠯᠤᠰ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠵᠠᠯᠠᠭᠤᠴᠤᠳ ᠪᠣᠯᠣᠨ ᠵᠠᠯᠠᠭᠤ ᠰᠤᠷᠤᠬ᠍ᠴᠢᠳ᠂ ᠭᠠᠳᠠᠭ᠋ᠠᠳᠤ᠎ᠳᠤ ᠪᠠᠢ᠌ᠭ᠎ᠠ ᠥᠷᠭᠡᠨ ᠤᠯᠠᠨ ᠳᠤᠮᠳᠠᠳᠤ ᠵᠢᠨ ᠵᠠᠯᠠᠭᠤᠴᠤᠳ᠎ᠲᠤ ᠮᠡᠨᠳᠦᠴᠢᠯᠡᠯ ᠬᠦᠷᠭᠡᠪᠡ᠃

   ᠰᠢ ᠵᠢᠨ ᠫᠢᠩ ᠪᠠᠶᠠᠷ᠎ᠤᠨ ᠵᠠᠬᠢᠳᠠᠯ᠎ᠳᠠᠭᠠᠨ᠂ 5 ᠵᠢᠯ᠎ᠤᠨ ᠲᠤᠷᠰᠢ᠂ ᠨᠠᠮ᠎ᠤᠨ ᠤᠳᠤᠷᠢᠳᠤᠯᠭ᠎ᠠ ᠳᠣᠣᠷ᠎ᠠ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠬᠠᠪᠰᠤᠷᠤᠯᠭ᠎ᠠ ᠵᠢᠯᠣᠭᠣᠳᠤᠯᠭ᠎ᠠ ᠳᠣᠣᠷ᠎ᠠ᠂ ᠡᠯ᠎ᠡ ᠱᠠᠲᠤᠨ᠎ᠤ ᠵᠠᠯᠠᠭᠤᠴᠤᠳ᠎ᠤᠨ ᠬᠣᠯᠪᠤᠭ᠎ᠠ ᠪᠣᠯᠣᠨ ᠰᠤᠷᠤᠬ᠍ᠴᠢᠳ᠎ᠤᠨ ᠬᠣᠯᠪᠤᠭ᠎ᠠ ᠵᠢᠨ ᠵᠣᠬᠢᠶᠠᠨ ᠪᠠᠢ᠌ᠭᠤᠯᠤᠯᠲᠠ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠢᠳᠡᠪᠬᠢᠲᠡᠢ᠎ᠪᠠᠷ ᠠᠵᠢᠯᠯᠠᠵᠤ᠂ ᠥᠷᠭᠡᠨ ᠣᠯᠠᠨ ᠵᠠᠯᠠᠭᠤᠴᠤᠳ ᠪᠣᠯᠣᠨ ᠵᠠᠯᠠᠭᠤ ᠰᠤᠷᠤᠬ᠍ᠴᠢᠳ᠎ᠢ ᠵᠣᠬᠢᠶᠠᠨ ᠪᠠᠢ᠌ᠭᠤᠯᠤᠨ ᠳᠠᠢ᠌ᠴᠢᠯᠠᠵᠤ ᠨᠠᠮ ᠵᠶ᠋ᠠᠨ ᠡᠷᠡᠰ ᠳᠠᠭ᠋ᠠᠵᠤ᠂ ᠡᠷᠡᠮᠡᠬᠡᠢ᠌ᠯᠡᠨ ᠤᠷᠤᠭᠰᠢᠯᠠᠵᠤ᠂ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠵᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠵᠠᠯᠠᠭᠤᠴᠤᠳ᠎ᠤᠨ ᠴᠣᠭ ᠪᠠᠳᠠᠷᠠᠩᠭᠤᠢ ᠥᠭᠡᠳᠡᠯᠡᠨ ᠳᠠᠪᠰᠢᠬᠤ ᠣᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠢᠯᠡᠷᠡᠭᠦᠯᠵᠡᠢ ᠭᠡᠪᠡ᠃

   ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠵᠠᠯᠠᠭᠤᠴᠤᠳ ᠶᠡᠬᠡ ᠵᠢᠳᠬᠦᠯ ᠴᠢᠷᠮᠠᠢ᠌ᠯᠭ᠎ᠠ ᠭᠠᠷᠭ᠋ᠠᠵᠤ ᠪᠣᠯᠣᠨ᠎ᠠ᠃ ᠥᠷᠭᠡᠨ ᠤᠯᠠᠨ ᠵᠠᠯᠠᠭᠤᠴᠤᠳ ᠤᠬᠠᠮᠰᠠᠷ᠎ᠠᠴᠠ᠎ᠪᠠᠨ ᠨᠠᠮ ᠪᠣᠯᠣᠨ ᠠᠷᠠᠳ ᠲᠦᠮᠡᠨ᠎ᠤ ᠤᠷᠢᠶᠠᠯᠠᠭ᠎ᠠ ᠵᠢ ᠰᠣᠨᠣᠰᠴᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠤᠯᠤᠰ ᠭᠡᠷ᠎ᠤᠨ ᠬᠠᠢ᠌ᠷ᠎ᠠ ᠰᠡᠳᠬᠢᠯᠭᠡ᠎ᠪᠠᠨ ᠵᠤᠵᠠᠭ᠋ᠠᠳᠬᠠᠵᠤ᠂ ᠲᠡᠦᠬᠡᠲᠦ ᠡᠭᠦᠷᠭᠡ᠎ᠪᠠᠨ ᠵᠣᠷᠢᠭᠲᠠᠢ ᠡᠭᠦᠷᠭᠡᠯᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠵᠠᠯᠠᠭᠤ ᠨᠠᠰᠤᠨ᠎ᠤ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

   ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠠᠯᠠᠭᠤᠴᠤᠳ᠎ᠤᠨ ᠠᠵᠢᠯ᠎ᠳᠠᠬᠢ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠵᠠᠯᠠᠭᠤᠴᠤᠳ᠎ᠤᠨ ᠬᠣᠯᠪᠤᠭ᠎ᠠ ᠪᠣᠯᠣᠨ ᠰᠤᠷᠤᠬ᠍ᠴᠢᠳ᠎ᠤᠨ ᠬᠣᠯᠪᠤᠭ᠎ᠠ ᠵᠢᠨ ᠠᠵᠢᠯ᠎ᠢ ᠬᠠᠯᠠᠮᠵᠢᠯᠠᠨ ᠳᠡᠮᠵᠢᠵᠦ᠂ ᠥᠷᠭᠡᠨ ᠣᠯᠠᠨ ᠵᠠᠯᠠᠭᠤᠴᠤᠳ ᠪᠣᠯᠣᠨ ᠵᠠᠯᠠᠭᠤ ᠰᠤᠷᠤᠬ᠍ᠴᠢᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ᠂ ᠭᠠᠪᠢᠶ᠎ᠠ ᠪᠠᠢ᠌ᠭᠤᠯᠵᠤ ᠦᠢ᠍ᠯᠡᠰ ᠪᠦᠲᠦᠭᠡᠬᠦ᠎ᠳᠤ ᠰᠠᠢ᠌ᠨ ᠰᠠᠢ᠌ᠬᠠᠨ ᠨᠥᠬᠥᠴᠡᠯ ᠪᠦᠷᠢᠯᠳᠦᠭᠦᠯᠵᠦ ᠥᠭᠬᠦ ᠬᠡᠷᠡᠭᠲᠡᠢ᠃ ᠵᠠᠯᠠᠭᠤᠴᠤᠳ᠎ᠤᠨ ᠬᠣᠯᠪᠤᠭ᠎ᠠ ᠪᠣᠯᠣᠨ ᠰᠤᠷᠤᠬ᠍ᠴᠢᠳ᠎ᠤᠨ ᠬᠣᠯᠪᠤᠭ᠎ᠠ ᠵᠢᠨ ᠵᠣᠬᠢᠶᠠᠨ ᠪᠠᠢ᠌ᠭᠤᠯᠤᠯᠲᠠ ᠵᠥᠪ ᠤᠯᠤᠰ ᠲᠦᠷᠦ ᠵᠢᠨ ᠴᠢᠭᠯᠡᠯ ᠵᠶ᠋ᠡᠨ ᠪᠠᠲᠤᠳᠬᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠵᠦ᠂ ᠥᠷᠭᠡᠨ ᠤᠯᠠᠨ ᠵᠠᠯᠠᠭᠤᠴᠤᠳ ᠪᠣᠯᠣᠨ ᠵᠠᠯᠠᠭᠤ ᠰᠤᠷᠤᠬ᠍ᠴᠢᠳ᠎ᠢ ᠨᠡᠩ ᠰᠠᠢ᠌ᠲᠤᠷ ᠪᠦᠯᠬᠦᠮᠳᠡᠭᠦᠯᠦᠨ ᠳᠠᠭ᠋ᠠᠭᠤᠯᠵᠤ ᠨᠠᠮ᠎ᠤᠨ ᠲᠤᠭ᠎ᠤᠨ ᠳᠣᠣᠷ᠎ᠠ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠵᠤ᠂ ᠰᠢᠨ᠎ᠡ ᠠᠮᠵᠢᠯᠲᠠ ᠪᠦᠲᠦᠮᠵᠢ ᠭᠠᠷᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

   ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ ᠼᠠᠢ ᠴᠢ ᠡᠭᠢᠯᠡᠯᠲᠡ ᠵᠢᠨ ᠬᠤᠷᠠᠯ᠎ᠳᠤ ᠣᠷᠣᠯᠴᠠᠵᠠᠢ᠃

   ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠲᠥᠪ᠎ᠤᠨ ᠵᠣᠬᠢᠶᠠᠨ ᠪᠠᠢ᠌ᠭᠤᠯᠬᠤ ᠬᠡᠯᠲᠡᠰ᠎ᠤᠨ ᠳᠠᠷᠤᠭ᠎ᠠ ᠱ᠌ᠢ᠎ᠲᠠᠢ ᠹᠧᠩ ᠬᠤᠷᠠᠯ ᠳᠡᠭᠡᠷ᠎ᠡ ᠰᠢ ᠵᠢᠨ ᠫᠢᠩ᠎ᠤᠨ ᠪᠠᠶᠠᠷ᠎ᠤᠨ ᠵᠠᠬᠢᠳᠠᠯ᠎ᠢ ᠤᠩᠰᠢᠨ ᠨᠡᠢ᠌ᠲᠡᠯᠡᠪᠡ᠃

   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠲᠥᠪ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠯᠢ ᠱᠤ᠌ ᠯᠧᠢ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠠᠴᠠ ᠪᠠᠶᠠᠷ᠎ᠤᠨ ᠦᠭᠡ ᠬᠡᠯᠡᠪᠡ᠃ ᠲᠡᠷᠡ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠪᠠᠶᠠᠷ᠎ᠤᠨ ᠵᠠᠬᠢᠳᠠᠯ᠎ᠨᠢ ᠳᠤᠮᠳᠠᠳᠤ ᠤᠯᠤᠰ᠎ᠤᠨ ᠵᠠᠯᠠᠭᠤᠴᠤᠳ᠎ᠤᠨ ᠬᠥᠳᠡᠯᠭᠡᠭᠡᠨ᠎ᠤ ᠤᠯᠠᠮ ᠨᠢᠭᠡ ᠠᠯᠬᠤᠮ ᠤᠷᠤᠭᠰᠢ ᠬᠥᠭᠵᠢᠬᠦ᠎ᠳᠤ ᠴᠢᠬᠤᠯᠠ ᠵᠢᠷᠤᠮᠯᠠᠯ ᠬᠠᠩᠭ᠋ᠠᠵᠠᠢ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠠᠯᠢ ᠤᠯᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠨ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠵᠠᠯᠠᠭᠤᠴᠤᠳ᠎ᠤᠨ ᠠᠵᠢᠯ᠎ᠤᠨ ᠨᠡᠩ ᠶᠡᠬᠡ ᠰᠢᠨ᠎ᠡ ᠠᠮᠵᠢᠯᠲᠠ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ᠃ ᠥᠷᠭᠡᠨ ᠤᠯᠠᠨ ᠵᠠᠯᠠᠭᠤᠴᠤᠳ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠯ᠎ᠢ ᠪᠠᠲᠤ ᠴᠡᠭᠡᠵᠢᠯᠡᠵᠦ᠂ ᠬᠦᠰᠡᠯᠡᠩ᠎ᠲᠠᠢ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ᠎ᠠᠴᠠ ᠠᠶᠤᠬᠤ ᠦᠭᠡᠢ᠂ ᠵᠣᠷᠢᠭᠲᠠᠢ᠎ᠪᠠᠷ ᠲᠡᠮᠡᠴᠡᠬᠦ ᠰᠢᠨ᠎ᠡ ᠴᠠᠭ ᠦᠶ᠎ᠡ ᠵᠢᠨ ᠰᠠᠢ᠌ᠨ ᠵᠠᠯᠠᠭᠤᠴᠤᠳ ᠪᠤᠯᠬᠤ᠎ᠪᠠᠷ ᠵᠣᠷᠢᠭ ᠰᠢᠭᠤᠳᠴᠤ᠂ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ ᠵᠶ᠋ᠡᠷ ᠡᠭᠦᠷᠭᠡ᠎ᠪᠠᠨ ᠪᠤᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠠᠶᠠᠨ᠎ᠳᠤ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠵᠠᠯᠠᠭᠤ ᠨᠠᠰᠤᠨ᠎ᠤ ᠬᠠᠭᠤᠳᠠᠰᠤ ᠵᠢ ᠪᠢᠴᠢᠭᠯᠡᠬᠦ ᠵᠢ ᠬᠦᠰᠡᠵᠦ ᠪᠠᠢ᠌ᠨ᠎ᠠ ᠭᠡᠪᠡ᠃

   ᠯᠢ ᠭᠠᠨ ᠵᠢᠶᠧ᠂ ᠴᠧᠨ ᠸᠧᠨ ᠴᠢᠩ᠂ ᠯᠢᠦ ᠵᠢᠨ ᠭᠦᠸᠧ᠂ ᠸᠠᠩ ᠰᠢᠶᠣᠣ ᠬᠣᠩ᠂ ᠲᠢᠶᠧ ᠨᠢᠩ᠂ ᠪᠠᠭ᠋ᠠᠲᠤᠷ ᠬᠤᠷᠠᠯ᠎ᠳᠤ ᠣᠷᠣᠯᠴᠠᠪᠠ᠃

   ᠶᠡᠬᠡ ᠬᠤᠷᠠᠯ᠎ᠤᠨ ᠡᠭᠢᠯᠡᠯᠲᠡ ᠵᠢᠨ ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ ᠵᠢᠨ ᠱᠦᠵᠢ ᠨᠠᠷ᠎ᠤᠨ ᠭᠠᠵᠠᠷ᠎ᠤᠨ ᠨᠢᠭᠡᠳᠦᠭᠡᠷ ᠱᠦᠵᠢ ᠠ ᠳ᠋ᠦᠩ ᠪᠠᠶᠠᠷ᠎ᠤᠨ ᠦᠭᠡ ᠬᠡᠯᠡᠪᠡ᠃ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠨᠡᠢ᠌ᠭᠡᠮᠯᠢᠭ᠎ᠤᠨ ᠱᠦᠵᠢ ᠨᠠᠷ᠎ᠤᠨ ᠭᠠᠵᠠᠷ᠎ᠤᠨ ᠨᠢᠭᠡᠳᠦᠭᠡᠷ ᠱᠦᠵᠢ ᠾᠧ ᠵᠢᠶᠦ᠋ᠨ ᠺᠧ ᠠᠷᠠᠳ᠎ᠤᠨ ᠪᠦᠯᠭᠦᠮ᠎ᠢ ᠲᠥᠯᠥᠭᠡᠯᠡᠨ ᠪᠠᠶᠠᠷ᠎ᠤᠨ ᠦᠭᠡ ᠬᠡᠯᠡᠪᠡ᠃ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ ᠵᠢᠨ ᠱᠦᠵᠢ ᠨᠠᠷ᠎ᠤᠨ ᠭᠠᠵᠠᠷ᠎ᠤᠨ ᠪᠠᠢ᠌ᠩᠭᠤ ᠵᠢᠨ ᠱᠦᠵᠢ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠵᠠᠯᠠᠭᠤᠴᠤᠳ᠎ᠤᠨ ᠬᠣᠯᠪᠤᠭ᠎ᠠ ᠵᠢᠨ ᠲᠡᠷᠢᠭᠦᠯᠡᠭᠴᠢ ᠰᠢᠦᠢ ᠰᠢᠶᠣᠣ ᠪᠣᠯᠣᠨ ᠬᠣᠷᠢᠨ ᠳᠣᠯᠣᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠰᠤᠷᠤᠬ᠍ᠴᠢᠳ᠎ᠤᠨ ᠬᠣᠯᠪᠤᠭ᠎ᠠ ᠵᠢᠨ ᠲᠡᠷᠢᠭᠦᠯᠡᠭᠴᠢ ᠰᠢᠦᠢ ᠬᠤᠢ ᠲᠤᠰ ᠲᠤᠰ ᠪᠦᠭᠦ ᠤᠯᠤᠰ᠎ᠤᠨ ᠵᠠᠯᠠᠭᠤᠴᠤᠳ᠎ᠤᠨ ᠬᠣᠯᠪᠤᠭ᠎ᠠ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠪᠣᠯᠣᠨ ᠪᠦᠭᠦ ᠤᠯᠤᠰ᠎ᠤᠨ ᠰᠤᠷᠤᠬ᠍ᠴᠢᠳ᠎ᠤᠨ ᠬᠣᠯᠪᠤᠭ᠎ᠠ ᠵᠢᠨ ᠬᠣᠷᠢᠨ ᠳᠣᠯᠣᠳᠤᠭ᠋ᠠᠷ ᠬᠤᠭᠤᠴᠠᠭ᠋ᠠᠨ᠎ᠤ ᠬᠣᠷᠢᠶ᠎ᠠ ᠵᠢ ᠲᠥᠯᠥᠭᠡᠯᠡᠨ ᠠᠵᠢᠯ᠎ᠤᠨ ᠮᠡᠳᠡᠭᠦᠯᠦᠯᠲᠡ ᠬᠢᠪᠡ᠃

   ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠠᠷᠠᠳ᠎ᠤᠨ ᠪᠦᠯᠭᠦᠮ ᠪᠣᠯᠣᠨ ᠪᠡᠭᠡᠵᠢᠩ ᠬᠤᠳᠠ ᠵᠢᠨ ᠬᠠᠷᠢᠭᠤᠴᠠᠯᠭ᠋ᠠᠲᠠᠨ ᠨᠥᠬᠥᠳ᠂ ᠪᠦᠭᠦ ᠤᠯᠤᠰ᠎ᠤᠨ ᠵᠠᠯᠠᠭᠤᠴᠤᠳ᠎ᠤᠨ ᠬᠣᠯᠪᠤᠭ᠎ᠠ ᠵᠢᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠭᠡᠰᠢᠭᠦᠨ᠂ ᠪᠦᠭᠦ ᠤᠯᠤᠰ᠎ᠤᠨ ᠰᠤᠷᠤᠬ᠍ᠴᠢᠳ᠎ᠤᠨ ᠬᠣᠯᠪᠤᠭ᠎ᠠ ᠵᠢᠨ ᠬᠣᠷᠢᠨ ᠨᠠᠢ᠍ᠮᠠᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ᠂ ᠨᠡᠢ᠌ᠰᠯᠡᠯ᠎ᠤᠨ ᠡᠯ᠎ᠡ ᠡᠲᠡᠭᠡᠳ᠎ᠤᠨ ᠵᠠᠯᠠᠭᠤᠴᠤᠳ ᠪᠣᠯᠣᠨ ᠵᠠᠯᠠᠭᠤ ᠰᠤᠷᠤᠬ᠍ᠴᠢᠳ᠎ᠤᠨ ᠲᠥᠯᠥᠭᠡᠯᠡᠭᠴᠢ ᠵᠡᠷᠭᠡ 3000 ᠰᠢᠬᠠᠮ ᠬᠥᠮᠥᠨ ᠡᠭᠢᠯᠡᠯᠲᠡ ᠵᠢᠨ ᠬᠤᠷᠠᠯ᠎ᠳᠤ ᠣᠷᠣᠯᠴᠠᠪᠠ᠃

   ᠡᠨᠡ ᠤᠳᠠᠭ᠎ᠠ ᠵᠢᠨ ᠶᠡᠬᠡ ᠬᠤᠷᠠᠯ᠎ᠨᠢ ᠪᠦᠭᠦ ᠤᠯᠤᠰ᠎ᠤᠨ ᠵᠠᠯᠠᠭᠤᠴᠤᠳ᠎ᠤᠨ ᠬᠣᠯᠪᠤᠭ᠎ᠠ ᠪᠣᠯᠣᠨ ᠪᠦᠭᠦ ᠤᠯᠤᠰ᠎ᠤᠨ ᠰᠤᠷᠤᠬ᠍ᠴᠢᠳ᠎ᠤᠨ ᠬᠣᠯᠪᠤᠭ᠎ᠠ ᠵᠢᠨ 5 ᠵᠢᠯ᠎ᠤᠨ ᠲᠤᠷᠰᠢᠬᠢ ᠠᠵᠢᠯ᠎ᠢ ᠳ᠋ᠦᠩᠨᠡᠵᠦ᠂ ᠢᠷᠡᠬᠦ 5 ᠵᠢᠯ᠎ᠤᠨ ᠠᠵᠢᠯ᠎ᠤᠨ ᠡᠭᠦᠷᠭᠡ ᠵᠢ ᠰᠤᠳᠤᠯᠤᠨ ᠲᠣᠭᠲᠠᠭ᠋ᠠᠵᠤ᠂ 《ᠳᠤᠮᠳᠠᠳᠤ ᠵᠢᠨ ᠪᠦᠭᠦ ᠤᠯᠤᠰ᠎ᠤᠨ ᠵᠠᠯᠠᠭᠤᠴᠤᠳ᠎ᠤᠨ ᠬᠣᠯᠪᠤᠭ᠎ᠠ ᠵᠢᠨ ᠳᠦᠷᠢᠮ》 ᠪᠣᠯᠣᠨ 《ᠳᠤᠮᠳᠠᠳᠤ ᠵᠢᠨ ᠪᠦᠭᠦ ᠤᠯᠤᠰ᠎ᠤᠨ ᠰᠤᠷᠤᠬ᠍ᠴᠢᠳ᠎ᠤᠨ ᠬᠣᠯᠪᠤᠭ᠎ᠠ ᠵᠢᠨ ᠳᠦᠷᠢᠮ》᠎ᠳᠤ ᠵᠠᠰᠠᠪᠤᠷᠢ ᠣᠷᠣᠭᠤᠯᠵᠤ᠂ ᠰᠢᠨ᠎ᠡ ᠨᠢᠭᠡ ᠬᠤᠭᠤᠴᠠᠭ᠋ᠠᠨ᠎ᠤ ᠪᠦᠭᠦ ᠤᠯᠤᠰ᠎ᠤᠨ ᠵᠠᠯᠠᠭᠤᠴᠤᠳ᠎ᠤᠨ ᠬᠣᠯᠪᠤᠭ᠎ᠠ ᠪᠣᠯᠣᠨ ᠪᠦᠭᠦ ᠤᠯᠤᠰ᠎ᠤᠨ ᠰᠤᠷᠤᠬ᠍ᠴᠢᠳ᠎ᠤᠨ ᠬᠣᠯᠪᠤᠭ᠎ᠠ ᠵᠢᠨ ᠤᠳᠤᠷᠢᠳᠬᠤ ᠪᠠᠢ᠌ᠭᠤᠯᠤᠮᠵᠢ ᠵᠢ ᠰᠣᠩᠭᠣᠨ ᠭᠠᠷᠭ᠋ᠠᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            