ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠱᠠᠨ ᠰᠢ᠎ᠳᠦ ᠰᠢᠨᠵᠢᠯᠡᠨ ᠪᠠᠢᠴᠠᠭᠠᠬᠤ᠎ᠳᠠᠭᠠᠨ ᠴᠢᠬᠤᠯᠠᠴᠢᠯᠠᠭᠰᠠᠨ ᠨᠢ᠄ ᠡᠬᠢ ᠪᠠᠶᠠᠯᠢᠭ᠎ᠤᠨ ᠮᠠᠶᠢᠭ᠎ᠤᠨ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦᠯᠬᠦ᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠠᠯᠬᠤᠮ᠎ᠢ ᠠᠯᠬᠤᠬᠤ᠎ᠪᠠᠷ ᠴᠢᠷᠮᠠᠢᠵᠤ ᠱᠠᠨ ᠰᠢ᠎ᠶ᠋ᠢᠨ ᠡᠬᠡ ᠭᠠᠵᠠᠷ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠶ
ᠨᠡᠶ᠋ᠢᠲᠡᠯᠡᠭᠰᠡᠨ ᠴᠠᠭ᠄ 2025-07-09

      ᠱᠢᠨᠬᠤᠸᠠ ᠬᠤᠷᠢᠶ᠎ᠠ᠎ᠶᠢᠨ ᠲᠠᠢᠶᠤᠸᠠᠨ᠎ᠤ 7 ᠰᠠᠷ᠎ᠠ᠎ᠶ᠋ᠢᠨ 8᠎ᠤ᠋ ᠴᠠᠬᠢᠯᠭᠠᠨ ᠮᠡᠳᠡᠭᠡ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠣᠢᠷ᠎ᠠ᠎ᠳᠤ ᠱᠠᠨ ᠰᠢ᠎ᠳᠦ ᠱᠢᠨᠵᠢᠯᠡᠨ ᠪᠠᠢᠴᠠᠭᠠᠬᠤ᠎ᠳᠠᠭᠠᠨ᠂ ᠱᠠᠨ ᠰᠢ ᠮᠤᠵᠢ᠎ᠶ᠋ᠢᠨ᠎ᠬᠢᠨ ᠳᠤᠮᠳᠠ ᠣᠷᠣᠨ᠎ᠤ ᠲᠦᠷᠭᠡᠨ ᠮᠠᠨᠳᠤᠯᠲᠠ᠎ᠶ᠋ᠢ ᠠᠬᠢᠭᠤᠯᠬᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠡᠷᠭᠡ᠎ᠶᠢᠨ ᠲᠤᠬᠠᠢ ᠨᠠᠮ᠎ᠤᠨ ᠲᠥᠪ ᠬᠤᠷᠢᠶ᠎ᠠ᠎ᠶᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠡᠬᠢ ᠪᠠᠶᠠᠯᠢᠭ᠎ᠤᠨ ᠮᠠᠶᠢᠭ᠎ᠤᠨ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠎ᠶᠢ ᠠᠬᠢᠭᠤᠯᠬᠤ ᠲᠠᠯ᠎ᠠ᠎ᠪᠠᠷ ᠱᠢᠨ᠎ᠡ ᠠᠯᠬᠤᠮ᠎ᠢ ᠠᠯᠬᠤᠬᠤ᠎ᠪᠡᠷ ᠴᠢᠷᠮᠠᠢᠵᠤ᠂ ᠱᠠᠨ ᠰᠢ᠎ᠶ᠋ᠢᠨ ᠡᠬᠡ ᠭᠠᠵᠠᠷ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

 

     7 ᠰᠠᠷ᠎ᠠ᠎ᠶᠢᠨ 7᠎ᠡᠴᠡ 8᠎ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠱᠠᠨ ᠰᠢ᠎ᠳᠦ ᠱᠢᠨᠵᠢᠯᠡᠨ ᠪᠠᠢᠴᠠᠭᠠᠪᠡ᠃ ᠵᠢᠷᠤᠭ ᠪᠤᠯ 7᠎ᠤ ᠡᠳᠤᠷ᠎ᠤᠨ ᠦᠳᠡ᠎ᠶᠢᠨ ᠬᠤᠢᠨ᠎ᠠ᠂ ᠰᠢ ᠵᠢᠨ ᠫᠢᠨᠭ ᠶᠠᠩᠴᠢᠤᠸᠠᠨ ᠬᠤᠳᠡ᠎ᠶᠢᠨ ᠱ᠌ᠢ ᠨᠤᠤ ᠱᠠᠨ ᠎ᠳᠠᠬᠢ ᠵᠠᠭᠤᠨ ᠬᠤᠷᠢᠶ᠎ᠠ ᠴᠡᠷᠢᠭ᠎ᠤᠨ ᠲᠠᠢᠯᠠᠯᠳᠤᠭᠠᠨ᠎ᠤ ᠳᠤᠷᠠᠰᠭᠠᠯ᠎ᠤᠨ ᠤᠷᠳᠤᠨ᠎ᠳᠦ ᠰᠢᠨᠵᠢᠯᠡᠨ ᠪᠠᠢᠴᠠᠭᠠᠬᠤ᠎ᠳᠠᠭᠠᠨ ᠲᠤᠭᠤᠷᠢᠨ ᠦᠵᠡᠬᠦ᠎ᠪᠡᠷ ᠢᠷᠡᠭᠰᠡᠨ ᠵᠠᠯᠠᠭᠤᠴᠤᠳ ᠪᠠᠭᠠᠴᠤᠳ ᠪᠤᠯᠤᠨ ᠲᠤᠷᠠᠰᠬᠠᠯ᠎ᠤᠨ ᠤᠷᠳᠤᠨ᠎ᠤ ᠠᠵᠢᠯᠳᠡᠳ ᠲᠠᠢ ᠲᠤᠳᠤᠨᠤ᠎ᠪᠡᠷ ᠶᠠᠷᠢᠯᠴᠠᠵᠦ ᠪᠠᠢᠭ᠎ᠠ ᠨᠢ᠃ ᠱᠢᠨᠬᠤᠸᠠ ᠬᠤᠷᠢᠶ᠎ᠠ᠎ᠶᠢᠨ ᠰᠤᠷᠪᠤᠯᠵᠢᠯᠠᠬᠴᠢ ᠰᠢᠶᠸ ᠬᠤᠸᠠᠨ ᠤ᠋ᠤᠢ ᠰᠡᠬᠦᠳᠡᠷᠯᠡᠪᠡ

      7 ᠰᠠᠷ᠎ᠠ᠎ᠶᠢᠨ 7᠎ᠡᠴᠡ 8᠎ᠤ᠋ ᠡᠳᠦᠷ ᠪᠣᠯᠲᠠᠯ᠎ᠠ᠂ ᠰᠢ ᠵᠢᠨ ᠫᠢᠩ ᠱᠠᠨ ᠰᠢ ᠮᠤᠵᠢ᠎ᠶ᠋ᠢᠨ ᠨᠠᠮ᠎ᠤᠨ ᠬᠤᠷᠢᠶ᠎ᠠ᠎ᠶᠢᠨ ᠱᠦᠵᠢ ᠲᠠᠩ ᠳ᠋ᠧᠩ ᠵᠢᠶᠧ ᠪᠣᠯᠤᠨ ᠮᠤᠵᠢ᠎ᠶ᠋ᠢᠨ ᠳᠠᠷᠤᠭ᠎ᠠ ᠯᠦ᠍ ᠳ᠋ᠦᠩ ᠯᠢᠶᠠᠩ᠎ᠤᠨ ᠪᠠᠷ᠎ᠠ ᠪᠣᠯᠣᠯᠭ᠎ᠠ᠎ᠲᠠᠶ᠎ᠪᠠᠷ ᠤᠷᠢᠳ ᠬᠣᠵᠢᠳ ᠶᠠᠩᠴᠢᠤᠸᠠᠨ᠂ ᠲᠠᠢᠶᠤᠸᠠᠨ᠎ᠳᠦ ᠬᠦᠷᠴᠦ᠍ ᠱᠢᠨᠵᠢᠯᠡᠨ ᠪᠠᠢᠴᠠᠭᠠᠪᠠ᠃

     ᠵᠠᠭᠤᠨ ᠬᠤᠷᠢᠶ᠎ᠠ ᠴᠡᠷᠢᠭ᠎ᠤᠨ ᠲᠠᠢᠯᠠᠯᠳᠤᠭᠠᠨ ᠪᠣᠯ ᠶᠠᠫᠣᠨ᠎ᠢ ᠡᠰᠡᠷᠭᠦᠴᠡᠬᠦ᠌ ᠲᠠᠢ᠌ᠨ᠎ᠦ ᠳᠤᠮᠳᠠᠬᠢ ᠴᠢᠬᠤᠯᠠ ᠶᠡᠬᠡ ᠳᠠᠢᠯᠠᠯᠳᠤᠭᠠᠨ ᠪᠠᠢᠵᠤ᠂ ᠪᠦᠬᠦ᠌ ᠤᠯᠤᠰ᠎ᠤᠨ ᠴᠡᠷᠢᠭ ᠠᠷᠠᠳ᠎ᠤᠨ ᠶᠠᠫᠣᠨ᠎ᠢ ᠡᠰᠡᠷᠭᠦᠴᠡᠬᠦ᠌ ᠲᠠᠢ᠌ᠨ᠎ᠢ ᠡᠴᠦᠰ᠎ᠲᠦᠨᠢ ᠲᠤᠯᠲᠠᠯ᠎ᠠ ᠬᠢᠬᠦ᠌ ᠢᠲᠡᠭᠡᠯ ᠵᠣᠷᠢᠭ᠎ᠢ ᠲᠤᠢᠯ᠎ᠤᠨ ᠶᠡᠬᠡ᠎ᠪᠡᠷ ᠬᠥᠪᠴᠢᠯᠡᠭ᠌ᠰᠡᠨ ᠪᠠᠢᠨ᠎ᠠ᠃ 7 ᠤ᠋ ᠦᠳᠡ᠎ᠶ᠋ᠢᠨ ᠬᠣᠢᠨ᠎ᠠ᠂ ᠰᠢ ᠵᠢᠨ ᠫᠢᠩ ᠶᠠᠩᠴᠢᠤᠸᠠᠨ ᠬᠤᠳᠠ᠎ᠶᠢᠨ ᠱ᠌ᠢ ᠨᠤᠤ ᠱᠠᠨ᠎ᠳᠠᠬᠢ ᠵᠠᠭᠤᠨ ᠬᠤᠷᠢᠶ᠎ᠠ ᠴᠡᠷᠢᠭ᠎ᠤᠨ ᠲᠠᠢᠯᠠᠯᠳᠤᠭᠠᠨ᠎ᠤ ᠳᠤᠷᠠᠰᠭᠠᠯ᠎ᠤᠨ ᠬᠥᠱᠢᠢ᠎ᠡ᠎ᠶ᠋ᠢᠨ ᠠᠭᠤᠳᠠᠮ ᠲᠠᠯᠠᠪᠠᠢ᠎ᠳᠤ ᠬᠦᠷᠴᠦ᠍᠂ ᠨᠠᠢ᠍ᠮᠠᠳᠤᠭᠠᠷ ᠵᠠᠮ᠎ᠤᠨ ᠴᠡᠷᠢᠭ᠎ᠦᠨ ᠦᠷᠡᠭ᠌ᠳᠡᠭ᠌ᠰᠡᠨ ᠪᠠᠭᠠᠲᠤᠷᠴᠤᠳ᠎ᠲᠤ ᠰᠠᠭ᠍ᠰᠤᠲᠤ ᠴᠡᠴᠡᠭ᠌ ᠬᠦᠷᠭᠡᠪᠡ᠃ ᠵᠠᠯᠭᠠᠭᠠᠳ ᠲᠡᠷᠡ ᠵᠠᠭᠤᠨ ᠬᠤᠷᠢᠶ᠎ᠠ ᠴᠡᠷᠢᠭ᠎ᠤᠨ ᠲᠠᠢᠯᠠᠯᠳᠤᠭᠠᠨ᠎ᠤ ᠳᠤᠷᠠᠰᠭᠠᠯ᠎ᠤᠨ ᠣᠷᠳᠣᠨ᠎ᠤ ᠦᠵᠡᠭᠦᠯᠭᠡ᠎ᠶ᠋ᠢ ᠲᠣᠭᠣᠷᠢᠨ ᠦᠵᠡᠪᠡ᠃ ᠠᠯᠢ ᠤᠯᠠᠨ ᠲᠡᠦᠬᠡ᠎ᠶ᠋ᠢᠨ ᠬᠡᠷᠡᠯ ᠵᠢᠷᠤᠭ᠂ ᠠᠯᠢ ᠤᠯᠠᠨ ᠬᠣᠪᠣᠷ ᠨᠠᠨᠳᠢᠨ ᠪᠣᠳᠠᠰ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠶᠠᠫᠣᠨ᠎ᠢ ᠡᠰᠡᠷᠭᠦᠴᠡᠬᠦ᠌ ᠴᠡᠷᠢᠭ ᠠᠷᠠᠳ᠎ᠢ ᠤᠳᠤᠷᠢᠳᠤᠨ ᠬᠠᠷᠭᠢᠰ ᠳᠠᠢᠰᠤᠨ᠎ᠢ ᠵᠠᠨᠤᠵᠤ ᠬᠣᠷᠣᠰᠤᠨ᠂ ᠬᠠᠷᠢ᠎ᠶ᠋ᠢᠨ ᠳᠠᠷᠤᠯᠠᠯ᠎ᠢ ᠵᠣᠷᠢᠭ᠍ᠲᠠᠢ ᠡᠰᠡᠷᠭᠦᠴᠡᠭ᠌ᠰᠡᠨ ᠭᠡᠷᠡᠯ ᠰᠠᠴᠤᠷᠠᠩᠭᠤᠢ ᠲᠡᠦᠬᠡ᠎ᠶ᠋ᠢ ᠠᠮᠢᠳᠤᠯᠢᠭ᠎ᠢᠶᠠᠷ ᠬᠠᠷᠠᠭᠤᠯᠤᠭᠰᠠᠨ ᠪᠠᠢᠨ᠎ᠠ᠂ ᠰᠢ ᠵᠢᠨ ᠫᠢᠩ ᠪᠠᠢᠨ ᠪᠠᠢᠨ ᠵᠣᠭ᠍ᠰᠣᠵᠤ ᠪᠠᠢᠴᠠᠭᠠᠨ ᠦᠵᠡᠵᠦ᠍ ᠭᠦᠨ ᠪᠣᠳᠣᠯᠬᠢᠯᠠᠨ᠎ᠠ᠃ ᠲᠡᠷᠡ᠂ ᠵᠠᠭᠤᠨ ᠬᠤᠷᠢᠶ᠎ᠠ ᠴᠡᠷᠢᠭ᠎ᠤᠨ ᠲᠠᠢᠯᠠᠯᠳᠤᠭᠠᠨ᠎ᠤ ᠲᠡᠦᠬᠡᠨ ᠠᠸ᠋ᠭ᠎ᠠ ᠠᠵᠢᠯᠯᠠᠭ᠎ᠠ᠎ᠨᠢ ᠮᠠᠨ᠎ᠤ ᠨᠠᠮ᠎ᠤᠨ ᠪᠥᠬᠥ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠲᠡᠢᠨ᠎ᠦ ᠳᠤᠮᠳᠠᠬᠢ ᠨᠢᠷᠤᠭᠤ ᠲᠤᠯᠭᠠᠭᠤᠷᠢ᠎ᠶ᠋ᠢᠨ ᠦᠶ᠋ᠯᠡᠳᠦᠯ᠎ᠢ ᠭᠦᠶ᠋ᠴᠡᠳ ᠢᠯᠡᠷᠡᠭᠦᠯᠵᠦ᠍᠂ ᠨᠠᠮ᠎ᠤᠨ ᠤᠳᠤᠷᠢᠳᠤᠭ᠍ᠰᠠᠨ ᠠᠷᠠᠳ᠎ᠤᠨ ᠲᠡᠢᠨ᠎ᠦ ᠰᠦᠷ ᠳᠠᠯᠠᠢᠴᠠᠲᠠᠶ ᠬᠦᠴᠦᠨ᠎ᠢ ᠭᠦᠶ᠋ᠴᠡᠳ ᠢᠯᠡᠷᠡᠭᠦᠯᠪᠡ᠃ ᠶᠠᠫᠣᠨ᠎ᠢ ᠡᠰᠡᠷᠭᠦᠴᠡᠬᠦ᠌ ᠳᠠᠢ᠌ᠨ᠎ᠦ ᠦᠯᠢᠭᠡᠷ᠎ᠢ ᠰᠠᠢᠲᠤᠷ ᠬᠦᠤᠷᠨᠢᠵᠦ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠡᠭᠡᠨ ᠤᠯᠠᠮᠵᠢᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

      ᠳᠤᠷᠠᠰᠭᠠᠯ᠎ᠤᠨ ᠣᠷᠳᠣᠨ᠎ᠤ ᠶᠡᠬᠡ ᠲᠢᠩᠬᠢᠮ᠎ᠳᠦ ᠰᠢ ᠵᠢᠨ ᠫᠢᠩ ᠲᠣᠭᠣᠷᠢᠨ ᠦᠵᠡᠬᠦ᠌᠎ᠪᠡᠷ ᠢᠷᠡᠭ᠌ᠰᠡᠨ ᠵᠠᠯᠠᠭᠤᠴᠤᠳ ᠪᠠᠭᠠᠴᠤᠳ ᠪᠣᠯᠤᠨ ᠳᠤᠷᠠᠰᠭᠠᠯ᠎ᠤᠨ ᠣᠷᠳᠣᠨ᠎ᠤ ᠠᠵᠢᠯᠲᠠᠳ᠎ᠲᠠᠶ ᠳᠣᠲᠣᠨᠣ᠎ᠪᠠᠷ ᠶᠠᠷᠢᠯᠴᠠᠪᠠ᠃ ᠲᠡᠷᠡ᠂ 88 ᠵᠢᠯ᠎ᠦᠨ ᠡᠮᠦᠨᠡᠬᠢ ᠡᠨᠡ ᠡᠳᠦᠷ ᠡᠭᠦᠰᠦᠭ᠌ᠰᠡᠨ 《ᠲᠤᠯᠤᠭᠠᠨ ᠰᠠᠷ᠎ᠠ᠎ᠶᠢᠨ ᠲᠤᠯᠤᠭᠠᠨ᠎ᠦ ᠬᠡᠷᠡᠭ ᠬᠤᠪᠢᠰᠤᠯ》 ᠪᠣᠯ ᠳᠤᠮᠳᠠᠳᠤ᠎ᠶ᠋ᠢᠨ ᠦᠨᠳᠦᠰᠦᠲᠡᠨ᠎ᠦ ᠶᠠᠫᠣᠨ ᠲᠦᠷᠢᠮᠡᠬᠡᠢᠯᠡᠭ᠌ᠴᠢᠳ᠎ᠢ ᠪᠦᠬᠦ᠌ ᠲᠠᠯ᠎ᠠ ᠎ᠪᠠᠷ ᠡᠰᠡᠷᠭᠦᠴᠡᠭ᠌ᠰᠡᠨ ᠡᠬᠢᠯᠡᠯᠲᠡ᠎ᠶ᠋ᠢᠨ ᠴᠡᠭ ᠮᠥᠨ᠂ ᠤᠷᠢᠳᠤᠬᠢ ᠶᠠᠪᠤᠳᠠᠯ᠎ᠢ ᠮᠠᠷᠲᠠᠵᠤ ᠪᠣᠯᠬᠤ ᠦᠭᠡᠢ᠂ ᠬᠣᠢᠨᠠᠬᠢ ᠶᠠᠪᠤᠳᠠᠯ᠎ᠳᠤ ᠰᠤᠷᠭᠠᠮᠵᠢ ᠪᠤᠯᠭᠠᠬᠤ ᠭᠡᠷᠡᠭᠲᠡᠢ᠂ ᠡᠨᠳᠡ ᠢᠷᠡᠭ᠌ᠰᠡᠨ ᠨᠢ ᠳᠠᠷᠤᠢ ᠤᠶᠤᠨ ᠰᠠᠨᠠᠭᠠᠨ᠎ᠤ ᠤᠬᠢᠶᠠᠯ ᠬᠦᠷᠳᠡᠬᠦ᠌᠎ᠶ᠋ᠢᠨ ᠲᠥᠯᠥᠭᠡ ᠶᠤᠮ᠃ ᠥᠷᠭᠡᠨ ᠤᠯᠠᠨ ᠵᠠᠯᠠᠭᠤᠴᠤᠳ ᠪᠠᠭᠠᠴᠤᠳ ᠴᠠᠭ᠎ᠤᠨ ᠰᠠᠢᠬᠠᠨ᠎ᠳᠦ ᠲᠠᠭᠠᠷᠠᠭᠰᠠᠨ ᠪᠤᠯᠬᠤᠷ ᠬᠤᠪᠢᠰᠭᠠᠯᠲᠤ ᠤᠯᠠᠮᠵᠢᠯᠠᠯ᠎ᠢ ᠦᠷᠭᠦᠯᠵᠢᠯᠡᠭᠦᠯᠵᠦ᠍᠂ ᠤᠯᠤᠰ ᠎ᠢᠶᠠᠨ ᠬᠦᠴᠦᠷᠬᠡᠭ᠌ᠵᠢᠭᠦᠯᠬᠦ᠌᠎ᠳᠦ ᠪᠢ ᠪᠠᠢᠬᠤ ᠠᠯᠤᠰ ᠬᠡᠳᠦ᠍᠎ᠶ᠋ᠢᠨ ᠵᠣᠷᠢᠯᠲᠠ᠎ᠶ᠋ᠢ ᠪᠤᠢ ᠪᠣᠯᠭᠠᠵᠤ᠂ ᠲᠥᠪ ᠴᠢᠬᠡᠴᠢ᠂ ᠢᠷᠠᠭᠤ ᠠᠯᠳᠠᠷᠲᠠᠢ ᠤᠮᠤᠭᠰᠢᠯ ᠲᠠᠢ ᠳᠤᠮᠳᠠᠳᠤ ᠤᠯᠤᠰ᠎ᠤᠨ ᠬᠥᠮᠦᠨ ᠪᠤᠯᠵᠥ᠍᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠴᠠᠭ ᠦᠶ᠎ᠡ᠎ᠶ᠋ᠢᠨ ᠶᠡᠬᠡ ᠡᠭᠦᠷᠭᠡ᠎ᠶ᠋ᠢ ᠵᠣᠷᠢᠭ᠍ᠲᠠᠢ ᠡᠭᠦᠷᠭᠡᠯᠡᠬᠦ᠌ ᠬᠡᠷᠡᠭ᠌ᠲᠡᠢ ᠭᠡᠪᠡ᠃

 

7 ᠰᠠᠷ᠎ᠠ᠎ᠶᠢᠨ 7᠎ᠡᠴᠡ 8᠎ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠱᠠᠨ ᠰᠢ᠎ᠳᠦ ᠱᠢᠨᠵᠢᠯᠡᠨ ᠪᠠᠢᠴᠠᠭᠠᠪᠡ᠃ ᠵᠢᠷᠤᠭ ᠪᠤᠯ 7᠎ᠤ ᠦᠳᠡ᠎ᠶᠢᠨ ᠬᠤᠢᠨ᠎ᠠ᠂ ᠰᠢ ᠵᠢᠨ ᠫᠢᠨᠭ ᠶᠠᠩᠴᠢᠤᠸᠠᠨ᠎ᠤ ᠨᠡᠭᠡᠯᠡᠬᠡᠶ᠎ᠶ᠋ᠢᠨ ᠬᠤᠪᠢᠴᠠᠭᠠᠲᠤ ᠬᠢᠵᠠᠭᠠᠷᠲᠤ ᠺᠣᠮᠫᠠᠨᠢ᠎ᠳᠤ ᠱᠢᠨᠵᠢᠯᠡᠨ ᠪᠠᠢᠴᠠᠭᠠᠬᠤ ᠎ᠳᠠᠭᠠᠨ ᠠᠵᠦ ᠠᠬᠤᠢᠯᠠᠯ᠎ᠤᠨ ᠠᠵᠢᠯᠳᠡᠳ ᠲᠠᠢ ᠬᠠᠮᠳᠤ ᠪᠠᠢᠭ᠎ᠠ ᠨᠢ᠃ ᠱᠢᠨᠬᠤᠸᠠ ᠬᠤᠷᠢᠶ᠎ᠠ᠎ᠶᠢᠨ ᠰᠤᠷᠪᠤᠯᠵᠢᠯᠠᠬᠴᠢ ᠶᠠᠨ ᠶᠠᠨ ᠰᠡᠬᠦᠳᠡᠷᠯᠡᠪᠡ

     ᠲᠤᠰ ᠡᠳᠦᠷ ᠎ᠦᠨ ᠦᠳᠡ᠎ᠶ᠋ᠢᠨ ᠬᠣᠢᠨ᠎ᠠ᠂ ᠰᠢ ᠵᠢᠨ ᠫᠢᠩ ᠶᠠᠩᠴᠢᠤᠸᠠᠨ᠎ᠤ ᠨᠡᠭᠡᠯᠡᠬᠡᠶ᠎ᠶ᠋ᠢᠨ ᠬᠤᠪᠢᠴᠠᠭᠠᠲᠤ ᠬᠢᠵᠠᠭᠠᠷᠲᠤ ᠺᠣᠮᠫᠠᠨᠢ᠎ᠳᠤ ᠬᠦᠷᠴᠦ᠍ ᠱᠢᠨᠵᠢᠯᠡᠨ ᠪᠠᠢᠴᠠᠭᠠᠪᠠ᠃ ᠤᠢ᠍ᠢᠷ᠎ᠠ᠎ᠶ᠋ᠢᠨ ᠵᠢᠯ᠎ᠦᠨ ᠲᠤᠷᠱᠢᠬᠢ ᠱᠠᠨ ᠰᠢ ᠮᠤᠵᠢ᠎ᠶ᠋ᠢᠨ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠦᠭ᠌ᠰᠡᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠲᠠᠷᠠᠭ᠎ᠠ ᠲᠡᠷᠡ ᠠᠵᠤ ᠠᠬᠤᠢᠯᠠᠯ᠎ᠤᠨ ᠦᠢᠯᠡᠳᠪᠦᠷᠢ ᠵᠢᠨ ᠲᠠᠰᠤᠭ᠎ᠲᠤ ᠣᠷᠣᠵᠤ᠂ ᠨᠡᠭᠦᠷᠡᠰᠦᠨ ᠬᠡᠢ ᠎ᠶ᠋ᠢᠨ ᠬᠠᠭᠠᠯᠲᠠ᠎ᠶ᠋ᠢᠨ ᠨᠡᠭᠡᠯᠡᠬᠡᠶ᠂ ᠴᠠᠬᠢᠯᠭᠠᠨ ᠬᠥᠳᠡᠯᠭᠡᠭᠦᠷᠲᠦ ᠬᠥᠷᠪᠡᠭᠦᠯ ᠨᠡᠭᠡᠯᠡᠬᠡᠶ ᠵᠡᠷᠭᠡ ᠦᠢᠯᠡᠳᠬᠦᠨ᠎ᠦ ᠦᠢᠯᠡᠳᠪᠦᠷᠢᠯᠡᠯ ᠪᠠ ᠪᠣᠷᠣᠯᠠᠭᠤᠯᠭ᠎ᠠ᠎ᠶ᠋ᠢᠨ ᠪᠠᠢᠳᠠᠯ᠎ᠢ ᠨᠠᠷᠢᠨ ᠣᠢᠯᠠᠭᠠᠪᠠ᠃ ᠲᠡᠷᠡ᠂ ᠤᠯᠠᠮᠵᠢᠯᠠᠯᠲᠤ ᠦᠢᠯᠡᠳᠬᠦ᠌ ᠦᠢᠯᠡᠰ ᠪᠣᠯ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ᠂ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠶ᠋ᠢ ᠡᠵᠡᠮᠳᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠤᠯᠠᠮᠵᠢᠯᠠᠯᠲᠤ ᠠᠵᠤ ᠦᠢᠯᠡᠰ᠎ᠢ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠲᠡᠷᠡ ᠠᠵᠤ ᠠᠬᠤᠢᠯᠠᠯ᠎ᠤᠨ ᠠᠵᠢᠯᠲᠠᠳ᠎ᠲᠤ᠂ ᠮᠠᠨ᠎ᠤ ᠤᠯᠤᠰ᠎ᠤᠨ ᠠᠵᠤ ᠦᠢᠯᠡᠳᠪᠦᠷᠢ᠎ᠶ᠋ᠢᠨ ᠬᠥᠭ᠌ᠵᠢᠯᠲᠡ ᠥᠩᠭᠡᠷᠡᠭ᠌ᠰᠡᠨ᠎ᠳᠦ ᠨᠢᠭᠡ ᠠᠯᠤᠬ᠎ᠠ ᠨᠢᠭᠡ ᠰᠦᠭᠡ᠎ᠪᠡᠷ ᠴᠤᠬᠢᠵᠦ ᠪᠠᠢᠵᠦ ᠬᠦᠭᠵᠢᠵᠦ ᠢᠷᠡᠭᠰᠡᠨ ᠶᠤᠮ᠂ ᠥᠨᠥᠳᠦᠷ ᠲᠡᠷᠢᠭᠦᠨ᠎ᠦ ᠮᠡᠷᠭᠡᠵᠢᠯ ᠪᠣᠯᠤᠨ ᠲᠣᠨᠣᠭ᠍ᠯᠠᠯ᠎ᠳᠤ ᠲᠦᠱᠢᠭ᠌ᠯᠡᠨ ᠲᠦᠪᠱᠢᠨ᠎ᠢᠶᠡᠨ ᠳᠡᠭᠡᠭ᠌ᠰᠢᠯᠡᠭᠦᠯᠬᠦ᠌ ᠬᠡᠷᠡᠭ᠌ᠲᠡᠢ᠃ ᠠᠵᠤ ᠦᠢᠯᠡᠰ᠎ᠢᠶᠡᠷ ᠤᠯᠤᠰ᠎ᠢᠶᠠᠨ ᠮᠠᠨᠳᠤᠭᠤᠯᠵᠤ᠂ ᠪᠣᠳᠠᠲᠠᠢ ᠠᠵᠢᠯᠯᠠᠬᠤ᠎ᠪᠡᠷ ᠤᠯᠤᠰ᠎ᠢᠶᠠᠨ ᠮᠠᠨᠳᠤᠭᠤᠯᠬᠤ ᠭᠡᠷᠡᠭᠲᠡᠢ᠃ ᠲᠠ᠎ᠨᠠᠷ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠨᠡᠩ ᠥᠨᠳᠥᠷ ᠳᠡᠭ᠌ᠲᠡᠷ᠎ᠲᠦ ᠭᠠᠷᠴᠤ᠌᠂ ᠦᠢᠯᠡᠳᠬᠦ᠌ ᠦᠢᠯᠡᠰ᠎ᠦᠨ ᠬᠦᠴᠦᠷᠬᠡᠭ ᠤᠯᠤᠰ᠎ᠢ ᠪᠠᠢᠭᠤᠯᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ ᠭᠡᠪᠡ᠃

    8᠎ᠤ᠋ ᠦᠳᠡ᠎ᠶᠢᠨ ᠡᠮᠦᠨ᠎ᠡ᠂ ᠰᠢ᠎ᠶᠢᠨ ᠫᠢᠩ ᠱᠠᠨ ᠰᠢ ᠮᠤᠵᠢ᠎ᠶᠢᠨ ᠨᠠᠮ᠎ᠤᠨ ᠬᠣᠷᠢᠶ᠎ᠠ ᠪᠣᠯᠣᠨ ᠮᠤᠵᠢ᠎ᠶᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠱᠠᠨ ᠰᠢ᠎ᠶᠢᠨ ᠡᠯ᠎ᠡ ᠲᠠᠯ᠎ᠠ᠎ᠶᠢᠨ ᠬᠢᠨ᠎ᠦ ᠣᠯᠣᠭᠰᠠᠨ ᠠᠮᠵᠢᠯᠲᠠ᠎ᠶᠢ ᠨᠤᠲᠠᠯᠠᠵᠤ᠂ ᠳᠠᠷᠠᠭᠠᠴᠢ᠎ᠶᠢᠨ ᠠᠵᠢᠯ᠎ᠳᠤ ᠱᠠᠭᠠᠷᠳᠠᠯᠭ᠎ᠠ ᠳᠤᠷᠠᠳᠪᠠ᠃

      ᠰᠢ᠎ᠶᠢᠨ ᠫᠢᠩ᠂ ᠤᠯᠤᠰ᠎ᠤᠨ ᠡᠬᠢ ᠪᠠᠶᠠᠯᠢᠭ᠋᠎ᠤᠨ ᠮᠠᠶᠢᠭ᠎ᠤᠨ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠬᠤ ᠶᠡᠷᠦᠩᠬᠡᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠣᠷᠣᠨ᠎ᠢ ᠪᠦᠲᠦᠭᠡᠨ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ᠎ᠡᠴᠡ ᠱᠠᠨ ᠰᠢ᠎ᠳᠦ ᠲᠤᠰᠢᠶᠠᠭᠰᠠᠨ ᠪᠠᠢᠯᠳᠤᠬᠤ ᠪᠣᠳᠣᠯᠭ᠎ᠠ᠎ᠶᠢᠨ ᠡᠭᠦᠷᠭᠡ ᠮᠥᠨ᠂ ᠦᠵᠡᠯ ᠰᠠᠨᠠᠭ᠎ᠠ ᠎ᠪᠠᠨ ᠴᠢᠨᠠᠭᠰᠢᠳᠠ ᠨᠢᠭᠡᠳᠬᠡᠵᠤ᠂ ᠲᠣᠭᠲᠠᠯ ᠬᠦᠴᠦᠨ᠎ᠢ ᠪᠠᠲᠤᠯᠠᠵᠤ᠂ ᠬᠡᠯᠪᠡᠷᠢ᠎ᠪᠡᠨ ᠬᠤᠪᠢᠷᠠᠭᠤᠯᠤᠨ ᠬᠥᠭᠵᠢᠭᠦᠯᠬᠦ᠎ᠶᠢ ᠡᠷᠡᠰ ᠪᠠᠲᠤ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ᠃ ᠭᠤᠤᠯᠳᠠᠯᠭ᠎ᠠ ᠨᠢ ᠡᠨᠧᠷᠭᠢ᠎ᠶᠢᠨ ᠬᠡᠯᠪᠡᠷᠢ᠎ᠪᠠᠨ ᠬᠤᠪᠢᠷᠠᠭᠤᠯᠬᠤ᠂ ᠠᠵᠤ ᠦᠢᠯᠡᠰ᠎ᠢ ᠲᠡᠰ ᠳᠡᠪᠰᠢᠭᠦᠯᠬᠦ ᠪᠠ ᠵᠣᠬᠢᠰᠲᠠᠢ᠎ᠪᠠᠷ ᠤᠯᠠᠨ ᠡᠰᠢᠴᠢᠯᠡᠨ ᠬᠥᠭᠵᠢᠭᠦᠯᠬᠦ᠎ᠶᠢ ᠰᠠᠢᠲᠤᠷ ᠠᠳᠬᠤᠬᠤ᠎ᠳᠦ ᠪᠤᠢ᠃ ᠤᠯᠤᠰ᠎ᠤᠨ ᠴᠠᠬᠢᠯᠭᠠᠨ ᠭᠠᠷᠭᠠᠬᠤ ᠨᠡᠭᠦᠷᠡᠰᠦᠨ᠎ᠦ ᠬᠠᠩᠭᠠᠯᠭ᠎ᠠ᠎ᠶᠢ ᠪᠠᠲᠤᠯᠠᠬᠤ ᠬᠠᠷᠢᠭᠤᠴᠠᠯᠭ᠎ᠠ᠎ᠶᠢ ᠪᠠᠲᠤ ᠡᠭᠦᠷᠭᠡᠯᠡᠭᠰᠡᠨ ᠤᠷᠢᠲᠠᠯ ᠳᠣᠣᠷ᠎ᠠ ᠨᠡᠭᠦᠷᠡᠰᠦᠨ᠎ᠦ ᠠᠵᠤ ᠦᠢᠯᠡᠰ᠎ᠦᠨ ᠳᠣᠣᠷᠠᠳᠤ ᠲᠡᠰ᠎ᠡᠴᠡ ᠳᠡᠭᠡᠳᠦ ᠳᠡᠰ ᠳᠡᠢᠰᠢ ᠬᠥᠭᠵᠢᠬᠦ᠂ ᠨᠡᠭᠦᠷᠡᠰᠦᠨ᠎ᠦ ᠦᠢᠯᠡᠳᠬᠦᠨ᠎ᠦ ᠠᠩᠬᠠᠨ᠎ᠤ ᠲᠦᠯᠡᠰᠢ᠎ᠡᠴᠡ ᠥᠨᠳᠥᠷ ᠦᠷᠳᠡᠭ᠎ᠲᠠᠢ ᠦᠢᠯᠡᠳᠬᠦᠨ ᠳᠡᠢᠰᠢ ᠳᠡᠭᠡᠭᠰᠢᠯᠡᠬᠦ᠎ᠶᠢ ᠠᠬᠢᠭᠤᠯᠬᠤ᠎ᠶᠢᠨ ᠬᠠᠮᠲᠤ ᠥᠨᠳᠥᠷ ᠲᠦᠪᠰᠢᠨ᠎ᠢᠶᠡᠷ ᠮᠠᠨ᠎ᠤ ᠤᠯᠤᠰ᠎ᠤᠨ ᠴᠢᠬᠤᠯᠠ ᠡᠨᠧᠷᠭᠢ᠎ᠶᠢᠨ ᠲᠦᠭᠦᠬᠡᠢ ᠮᠠᠲᠧᠷᠢᠶᠠᠯ᠎ᠤᠨ ᠰᠠᠭᠤᠷᠢᠨ᠎ᠢ ᠪᠠᠶ᠋ᠢᠭᠤᠯᠬᠤ᠎ᠳ᠋ᠦ ᠠᠩᠬᠠᠷᠤᠯ᠎ᠢᠶᠠᠨ ᠲᠦᠪᠯᠡᠷᠡᠬᠦᠯᠦᠨ᠂ ᠰᠠᠯᠬᠢᠨ ᠬᠦᠴᠦᠨ᠎ᠦ ᠴᠠᠬᠢᠯᠭᠠᠨ᠂ ᠭᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ᠂ ᠤᠰᠤᠲᠥ᠋ᠷᠥᠭᠴᠢ ᠡᠨᠧᠷᠭᠢ ᠵᠡᠷᠭᠡ ᠡᠨᠧᠷᠭᠢ᠎ᠶᠢ ᠢᠵᠢ ᠪᠦᠷᠢᠳᠦᠭᠦᠯᠦᠨ ᠬᠥᠭᠵᠢᠭᠦᠯᠵᠦ᠂ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠢ ᠪᠠᠶ᠋ᠢᠭᠤᠯᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠬᠦᠯᠬᠦ᠎ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠶᠢᠨ ᠲᠤᠭᠤᠷᠢᠨ᠎ᠳᠦ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ᠎ᠶᠢᠨ ᠠᠵᠤ ᠦᠢᠯᠡᠰ᠎ᠢ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠪᠠᠢᠷᠢᠰᠢᠭᠤᠯᠵᠤ᠂ ᠱᠠᠨ ᠰᠢ ᠎ᠶᠢᠨ ᠣᠨᠴᠠᠯᠢᠭ᠋᠎ᠢ ᠢᠯᠡᠷᠡᠭᠦᠯᠦᠭᠰᠡᠨ᠂ ᠬᠠᠷᠢᠴᠠᠭᠤᠯᠤᠭᠰᠠᠨ ᠳᠠᠪᠠᠭᠤᠯᠢᠭ᠋᠎ᠪᠦᠬᠦᠢ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠸᠮ᠎ᠢ ᠠᠯᠬᠤᠮ ᠠᠯᠬᠤᠮ᠎ᠢᠶᠠᠷ ᠪᠦᠷᠢᠯᠳᠦᠭᠦᠯᠬᠦ ᠬᠡᠷᠡᠭᠲᠡᠢ᠃ ᠤᠯᠠᠨ ᠡᠰᠢᠲᠦ ᠬᠥᠭᠵᠢᠯᠲᠡ᠎ᠶᠢᠨ ᠨᠥᠬᠥᠴᠡᠯ᠎ᠢ ᠰᠠᠢᠲᠤᠷ ᠠᠰᠢᠭ᠍ᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠰᠢᠯᠢᠳᠡᠭᠵᠢᠭᠦᠯᠵᠦ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠡᠬᠢ ᠪᠠᠶᠠᠯᠢᠭ᠋᠎ᠤᠨ ᠳᠠᠪᠠᠭᠤᠯᠢᠭ᠋᠎ᠢ ᠨᠡᠩ ᠰᠠᠢᠲᠤᠷ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃

     ᠰᠢ ᠵᠢᠨ ᠫᠢᠩ᠂ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠌᠎ᠳᠦ ᠡᠷᠬᠡᠪᠰᠢ ᠠᠮᠤᠷ ᠲᠦᠪᠱᠢᠨ ᠲᠣᠭ᠍ᠲᠠᠭᠤᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ᠃ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠪᠡᠷ ᠬᠦᠴᠦᠯᠡᠵᠦ᠍᠂ 《ᠨᠠᠰᠤᠳᠠᠢᠴᠤᠳ ᠪᠠ ᠬᠡᠦᠬᠡᠳ》 ᠵᠡᠷᠭᠡ ᠭᠣᠣᠯᠳᠠᠯᠭ᠎ᠠ᠎ᠲᠠᠶ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠦᠢᠯᠡᠴᠢᠯᠡᠭᠡ᠎ᠶ᠋ᠢ ᠴᠢᠩᠭᠠᠳᠭᠠᠵᠤ᠂ ᠬᠦᠴᠢᠷᠳᠡᠯᠲᠡᠢ ᠤᠯᠠᠨ ᠲᠦᠮᠡᠨ᠎ᠦ ᠦᠨᠳᠦᠰᠦᠨ ᠠᠮᠢᠳᠤᠷᠠᠯ᠎ᠢ ᠪᠠᠲᠤᠯᠠᠬᠤ ᠬᠡᠷᠡᠭ᠌ᠲᠡᠢ᠃ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢ ᠬᠦᠳᠦᠯᠦᠨ ᠳᠠᠭᠠᠭᠤᠯᠬᠤ᠎ᠶ᠋ᠢ ᠭᠦᠨᠵᠡᠭᠡᠢᠷᠡᠭᠦᠯᠵᠦ᠍᠂ ᠨᠡᠢᠭᠡᠮ᠎ᠦᠨ ᠠᠮᠤᠷ ᠲᠦᠪᠱᠢᠨ᠎ᠢ ᠪᠦᠬᠦᠯᠢ ᠴᠣᠭ᠍ᠴᠠ᠎ᠪᠠᠷ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ᠎ᠶ᠋ᠢ ᠪᠠᠢᠩᠭᠤᠵᠢᠭᠤᠯᠵᠤ᠂ ᠡᠯ᠎ᠡ ᠲᠦᠷᠦᠯ᠎ᠦᠨ ᠬᠠᠤᠯᠢ᠎ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠬᠤ ᠬᠡᠷᠡᠭ᠌ᠲᠡᠢ᠃ ᠠᠭᠤᠯᠠ᠎ᠶ᠋ᠢ ᠵᠠᠰᠠᠬᠤ ᠤᠰᠤ᠎ᠶ᠋ᠢ ᠵᠠᠰᠠᠬᠤ ᠠᠭᠠᠷ ᠮᠠᠨᠳᠠᠯ᠎ᠢ ᠵᠠᠰᠠᠬᠤ ᠬᠤᠳᠠ᠎ᠶ᠋ᠢ ᠵᠠᠰᠠᠬᠤ ᠵᠢ ᠨᠢᠭᠡ ᠴᠤᠬ᠍ᠴᠠᠵᠢᠭᠤᠯᠤᠨ ᠠᠬᠢᠭᠤᠯᠵᠤ᠂ ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠪᠠ ᠰᠠᠪᠠ ᠭᠠᠵᠠᠷ᠎ᠤᠨ ᠬᠥᠷᠥᠰᠥ᠍ ᠱᠢᠷᠣᠢ᠎ᠶ᠋ᠢᠨ ᠢᠳᠡᠭ᠌ᠳᠡᠯ᠎ᠢ ᠵᠠᠰᠠᠬᠤ ᠠᠵᠢᠯ᠎ᠢ ᠪᠦᠬᠦ᠌ ᠲᠠᠯ᠎ᠠ ᠎ᠪᠠᠷ ᠴᠢᠩᠭᠠᠳᠭᠠᠵᠤ᠂ ᠭᠣᠣᠯᠳᠠᠯᠭ᠎ᠠ᠎ᠲᠠᠶ ᠠᠵᠢᠯ ᠲᠦᠷᠦᠯ ᠎ᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠳᠠ ᠵᠢ ᠪᠠᠭᠠᠰᠭᠠᠬᠤ᠎ᠶ᠋ᠢ ᠦᠷᠭᠦᠯᠵᠢᠯᠡᠨ ᠠᠬᠢᠭᠤᠯᠵᠤ᠂ ᠠᠭᠤᠷᠬᠠᠢ᠎ᠶ᠋ᠢᠨ ᠠᠮᠢ ᠠᠬᠤᠢ᠎ᠶᠢ ᠵᠠᠰᠠᠨ ᠰᠡᠷᠭᠦᠭᠡᠬᠦ᠌᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠠᠮᠢ ᠠᠬᠤᠢ ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠢ᠃ ᠠᠶᠤᠯᠭᠦᠢ ᠦᠢᠯᠡᠳᠪᠦᠷᠢᠯᠡᠯ᠎ᠢ ᠴᠢᠩᠭᠠᠳᠭᠠᠵᠤ᠂ ᠡᠯ᠎ᠡ ᠵᠦᠢᠯ᠎ᠦᠨ ᠬᠢᠨᠠᠯᠲᠠ ᠬᠠᠮᠢᠶᠠᠷᠤᠯᠲᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠢ᠃ ᠣᠳᠣᠬᠠᠨ᠎ᠳᠤ ᠨᠢᠭᠡᠨᠲᠡ ᠦᠶᠡᠷ᠎ᠦᠨ ᠭᠣᠣᠯ ᠬᠤᠭᠤᠴᠠᠭᠠᠨ᠎ᠳᠤ ᠣᠷᠣᠪᠠ᠂ ᠦᠶᠡᠷ᠎ᠢ ᠰᠡᠷᠭᠡᠢᠯᠡᠵᠦ᠍ ᠦᠶᠡᠷ᠎ᠲᠡᠶ ᠲᠡᠮᠡᠴᠡᠬᠦ᠌ ᠲᠥᠰᠦᠯ ᠪᠣᠯᠤᠨ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠭᠠᠮᠱᠢᠭ᠎ᠡᠴᠡ ᠠᠪᠤᠷᠠᠬᠤ ᠪᠡᠯᠡᠳᠭᠡᠯ ᠠᠵᠢᠯ᠎ᠢ ᠨᠢᠮᠪᠠᠢ ᠰᠠᠢᠲᠤᠷ ᠬᠢᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

      ᠰᠢ ᠵᠢᠨ ᠫᠢᠩ᠂ ᠡᠷᠬᠡᠪᠰᠢ ᠬᠡᠵᠢᠶᠡᠳᠡ ᠵᠤᠬᠰᠤᠰᠢ ᠦᠭᠡᠢ ᠪᠠᠢᠬᠤ ᠳᠡᠰᠪᠦᠷᠢ ᠪᠤᠯᠤᠨ ᠪᠠᠷᠢᠮᠳᠠᠯᠠᠯ᠎ᠢᠶᠠᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ ᠬᠡᠷᠡᠭ᠌ᠲᠡᠢ᠃ ᠥᠪᠡᠷ ᠪᠡᠶ᠎ᠡ ᠳ᠋ᠡᠭᠡᠨ ᠬᠤᠪᠢᠰᠭᠠᠯ ᠬᠢᠬᠦ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶ᠋ᠢ ᠵᠡᠷᠭᠡ᠎ᠪᠡᠷ ᠠᠳᠭᠤᠬᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌᠎ᠶ᠋ᠢ ᠬᠠᠷᠢᠯᠴᠠᠨ ᠨᠡᠪᠲᠡᠷᠡᠯᠴᠡᠭᠦᠯᠬᠦ᠌᠎ᠶ᠋ᠢ ᠪᠠᠷᠢᠮᠲᠠᠯᠠᠵᠤ᠂ ᠴᠢᠩᠭ᠎ᠠ ᠪᠠᠢᠬᠤ ᠦᠨᠳᠦᠰᠦᠨ ᠬᠦᠭ ᠠᠶᠠᠰ᠂ ᠴᠢᠩᠭ᠎ᠠ ᠪᠠᠢᠬᠤ ᠠᠷᠭ᠎ᠠ ᠬᠡᠮᠵᠢᠢ᠎ᠡ᠂ ᠴᠢᠩᠭ᠎ᠠ ᠪᠠᠢᠬᠤ ᠠᠭᠤᠷ ᠠᠮᠢᠰᠭᠤᠯ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠢᠷᠮᠠᠢᠨ ᠪᠤᠢ ᠪᠣᠯᠭᠠᠬᠤ ᠬᠡᠷᠡᠭ᠌ᠲᠡᠢ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠎ᠦᠨ ᠳᠠᠷᠠᠭᠠᠴᠢ᠎ᠶ᠋ᠢᠨ ᠠᠵᠢᠯ᠎ᠢ ᠴᠢᠩᠭ᠎ᠠ ᠨᠠᠷᠢᠯᠢᠭ ᠠᠳᠭᠤᠵᠤ᠂ ᠠᠰᠠᠭᠤᠳᠠᠯ᠎ᠢ ᠦᠨᠡᠨ ᠬᠦ᠌ ᠪᠠᠢᠴᠠᠭᠠᠨ ᠳᠡᠯᠭᠡᠵᠦ᠍᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶᠢ ᠪᠣᠳᠠᠲᠠᠢ ᠨᠠᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ ᠪᠠ ᠲᠤᠷᠱᠢᠯᠭ᠎ᠠ᠎ᠶ᠋ᠢ ᠴᠠᠭ ᠲᠤᠬᠠᠶ᠎ᠳᠤᠨᠢ ᠳ᠋ᠦᠩᠨᠡᠵᠦ᠍᠂ ᠰᠤᠷᠲᠠᠯ᠎ᠤᠨ ᠪᠠᠢᠭᠤᠯᠤᠯᠲᠠ ᠎ᠶ᠋ᠢᠨ ᠪᠠᠢ᠌ᠩᠭᠤᠵᠢᠭ᠍ᠰᠠᠨ ᠣᠷᠳᠣ ᠬᠤᠭᠤᠴᠠᠭᠠᠨ᠎ᠤ ᠪᠦᠲᠦᠮᠵᠢᠲᠡᠶ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

      ᠾᠧ ᠯᠢ ᠹᠸᠩ ᠵᠢᠴᠢ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠪᠠᠷ᠎ᠠ ᠪᠤᠯᠵᠤ ᠱᠢᠨᠵᠢᠯᠡᠨ ᠪᠠᠢᠴᠠᠭᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            