ᠰᠢᠨᠬᠤᠸᠠ ᠬᠣᠷᠢᠶ᠎ᠠ ᠵᠢᠨ ᠪᠡᠭᠡᠵᠢᠩ᠎ᠤᠨ 6 ᠰᠠᠷ᠎ᠠ ᠵᠢᠨ 30᠎ᠤ ᠴᠠᠭᠢᠯᠭ᠋ᠠᠨ ᠮᠡᠳᠡᠭᠡ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ 6 ᠰᠠᠷ᠎ᠠ ᠵᠢᠨ 30᠎ᠤ ᠦᠳᠡ ᠵᠢᠨ ᠬᠣᠢ᠌ᠨ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ᠂ 《ᠳᠥᠷᠪᠡᠨ ᠰᠤᠷᠲᠠᠯ》᠎ᠢ ᠵᠠᠯᠠᠷᠠᠭᠤᠯᠬᠤ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠡᠭᠦᠯᠳᠡᠷᠵᠢᠭᠦᠯᠬᠦ ᠲᠤᠬᠠᠢ ᠬᠣᠷᠢᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠠᠴᠠ᠂ ᠪᠦᠭᠦ ᠤᠯᠤᠰ᠎ᠤᠨ ᠥᠷᠭᠡᠨ ᠤᠯᠠᠨ ᠡᠪ ᠬᠠᠮᠲᠤ ᠨᠠᠮ᠎ᠤᠨ ᠭᠡᠰᠢᠭᠦᠨ᠎ᠳᠤ 《7·1》᠎ᠤ ᠪᠠᠶᠠᠷ᠎ᠤᠨ ᠡᠳᠦᠷ᠎ᠤᠨ ᠮᠡᠨᠳᠦᠴᠢᠯᠡᠯ ᠬᠦᠷᠭᠡᠪᠡ! ᠲᠡᠷᠡ ᠰᠤᠷᠤᠯᠴᠠᠯᠭ᠎ᠠ ᠵᠢ ᠡᠷᠭᠢᠯᠡᠭᠦ᠎ᠳᠡᠭᠡᠨ᠂ ᠥᠪᠡᠷ ᠪᠡᠶ᠎ᠡ ᠵᠢᠨ ᠬᠤᠪᠢᠰᠬᠠᠯ ᠬᠢᠬᠦ ᠪᠣᠯ ᠮᠠᠨ᠎ᠤ ᠨᠠᠮ᠎ᠤᠨ ᠰᠠᠮᠠᠭᠤᠷᠠᠯ᠎ᠢ ᠵᠠᠰᠠᠵᠤ ᠮᠠᠨᠳᠤᠵᠤ ᠪᠠᠭᠤᠷᠠᠬᠤ ᠲᠡᠦᠬᠡᠨ ᠦᠶᠡᠯᠡᠯ᠎ᠠᠴᠠ ᠮᠤᠯᠲᠤᠷᠠᠬᠤ ᠬᠣᠶᠠᠳᠤᠭ᠋ᠠᠷ ᠬᠠᠷᠢᠭᠤᠯᠲᠠ ᠪᠣᠯᠣᠨ᠎ᠠ᠂ ᠰᠤᠷᠲᠠᠯ᠎ᠢ ᠠᠳᠬᠤᠬᠤ᠎ᠠᠴᠠ ᠭᠠᠷᠳᠠᠨ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠴᠢᠬᠤᠯᠠ ᠲᠤᠷᠰᠢᠯᠭ᠎ᠠ ᠪᠣᠯᠣᠨ᠎ᠠ᠃ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠠᠬᠢᠭᠤᠯᠬᠤ᠎ᠳᠤ ᠲᠠᠨᠢᠯᠲᠠ᠎ᠪᠠᠨ ᠳᠡᠭᠡᠭᠰᠢᠯᠡᠭᠦᠯᠭᠦ᠂ ᠨᠠᠮᠴᠢ ᠴᠢᠨᠠᠷ ᠵᠶ᠋ᠠᠨ ᠴᠢᠩᠭ᠋ᠠᠳᠬᠠᠬᠤ᠂ ᠡᠷᠬᠡ ᠵᠢᠨ ᠠᠵᠢᠯᠯᠠᠭ᠋ᠠᠨ᠎ᠢ ᠵᠢᠷᠤᠮᠵᠢᠭᠤᠯᠬᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠵᠢ ᠬᠡᠷᠡᠭᠵᠢᠭᠦᠯᠬᠦ ᠵᠢ ᠴᠢᠩᠳᠠᠯᠠᠬᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠡᠷᠭᠡ ᠲᠠᠯ᠎ᠠ᠎ᠪᠠᠷ ᠤᠯᠠᠮ ᠨᠢᠭᠡ ᠠᠯᠬᠤᠮ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠤᠨ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠳᠤ ᠬᠢᠨᠠᠯᠲᠠ ᠲᠠᠯᠪᠢᠬᠤ ᠲᠠᠰᠤᠭ᠎ᠤᠨ ᠡᠷᠭᠢᠯᠡᠭᠴᠢ ᠵᠤᠤ ᠪᠦᠦ ᠭᠦᠸᠧ ᠨᠥᠬᠥᠷ ᠡᠨᠡ ᠬᠦ᠌ ᠠᠰᠠᠭᠤᠳᠠᠯ᠎ᠤᠨ ᠲᠤᠬᠠᠢ ᠲᠠᠢ᠌ᠯᠤᠮᠵᠢ ᠬᠢᠵᠦ᠂ ᠠᠵᠢᠯ᠎ᠤᠨ ᠰᠠᠨᠠᠭᠤᠯᠭ᠎ᠠ ᠳᠤᠷᠠᠳᠪᠠ᠃ ᠲᠥᠪ᠎ᠤᠨ ᠤᠯᠤᠰ ᠲᠦᠷᠦ ᠵᠢᠨ ᠲᠣᠪᠴᠢᠶ᠎ᠠ ᠵᠢᠨ ᠨᠥᠬᠥᠳ ᠲᠠᠢ᠌ᠯᠤᠮᠵᠢ ᠵᠢ ᠨᠠᠷᠢᠨ ᠬᠢᠨᠠᠮᠠᠭ᠋ᠠᠢ ᠰᠣᠨᠣᠰᠤᠭᠰᠠᠨ ᠪᠥᠭᠡᠳ ᠶᠠᠷᠢᠯᠴᠠᠪᠠ᠃
ᠰᠢ ᠵᠢᠨ ᠫᠢᠩ ᠲᠠᠢ᠌ᠯᠤᠮᠵᠢ ᠪᠠ ᠶᠠᠷᠢᠯᠴᠠᠭ᠎ᠠ ᠵᠢ ᠰᠣᠨᠣᠰᠤᠭᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠲᠥᠪ᠎ᠤᠨ ᠨᠠᠢ᠍ᠮᠠᠨ ᠲᠣᠭᠲᠠᠭ᠋ᠠᠯ ᠪᠣᠯ ᠨᠠᠮ᠎ᠤᠨ ᠲᠥᠪ ᠬᠣᠷᠢᠶ᠎ᠠ ᠵᠢᠨ ᠢᠲᠡᠭᠡᠯ ᠬᠦᠨᠳᠦ᠎ᠪᠠᠨ ᠪᠠᠲᠤᠵᠢᠭᠤᠯᠬᠤ ᠠᠷᠭ᠎ᠠ ᠮᠥᠨ᠂ ᠰᠢᠨ᠎ᠡ ᠴᠠᠭ ᠦᠶ᠎ᠡ ᠵᠢᠨ ᠨᠠᠮ᠎ᠢ ᠬᠠᠮᠢᠶᠠᠷᠴᠤ ᠨᠠᠮ᠎ᠢ ᠵᠠᠰᠠᠬᠤ ᠪᠡᠯᠭᠡ ᠲᠡᠮᠳᠡᠭ᠎ᠤᠨ ᠴᠢᠨᠠᠷᠲᠠᠢ ᠠᠷᠭ᠎ᠠ ᠬᠡᠮᠵᠢᠶ᠎ᠡ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠣᠷᠢᠶ᠎ᠠ ᠨᠠᠢ᠍ᠮᠠᠨ ᠲᠣᠭᠲᠠᠭ᠋ᠠᠯ ᠵᠶ᠋ᠠᠷ ᠡᠭᠢᠯᠡᠯᠳᠡ ᠪᠣᠯᠭ᠋ᠠᠨ ᠠᠰᠠᠭᠤᠳᠠᠯ᠎ᠢ ᠰᠢᠢ᠍ᠳᠪᠦᠷᠢᠯᠡᠵᠦ᠂ ᠲᠡᠮᠦᠷ ᠮᠡᠲᠦ ᠳᠦᠷᠢᠮ᠎ᠢ ᠲᠣᠭᠲᠠᠭ᠋ᠠᠬᠤ᠂ ᠬᠠᠲᠠᠭᠤ᠎ᠪᠠᠷ ᠬᠢᠵᠠᠭ᠋ᠠᠷᠯᠠᠬᠤ ᠵᠢ ᠪᠠᠷᠢᠮᠲᠠᠯᠠᠵᠤ᠂ ᠳᠡᠭᠡᠷ᠎ᠡ ᠱᠠᠲᠤ᠎ᠨᠢ ᠳᠣᠣᠷ᠎ᠠ ᠱᠠᠲᠤ᠎ᠪᠠᠨ ᠳᠠᠭ᠋ᠠᠭᠤᠯᠬᠤ ᠵᠢ ᠪᠠᠷᠢᠮᠲᠠᠯᠠᠵᠤ᠂ ᠲᠥᠪ᠎ᠤᠨ ᠤᠯᠤᠰ ᠲᠦᠷᠦ ᠵᠢᠨ ᠲᠣᠪᠴᠢᠶ᠎ᠠ ᠲᠦᠷᠦᠭᠦᠯᠡᠨ ᠬᠢᠵᠦ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ᠂ 《ᠳᠥᠷᠪᠡᠨ ᠰᠤᠷᠲᠠᠯ》᠎ᠢ ᠵᠠᠯᠠᠷᠠᠭᠤᠯᠬᠤ᠎ᠳᠤ ᠲᠥᠪᠯᠡᠷᠡᠩᠭᠦᠢ ᠬᠥᠮᠦᠵᠢᠯ ᠬᠢᠬᠦ ᠪᠠ ᠠᠯᠢ ᠣᠯᠠᠨ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠢ᠌ᠩᠭᠤ ᠠᠳᠬᠤᠬᠤ ᠨᠠᠷᠢᠯᠢᠭ ᠠᠳᠬᠤᠬᠤ ᠤᠷᠲᠤ ᠬᠤᠭᠤᠴᠠᠭ᠎ᠠ᠎ᠪᠠᠷ ᠠᠳᠬᠤᠬᠤ ᠵᠢ ᠪᠠᠷᠢᠮᠲᠠᠯᠠᠵᠤ᠂ ᠨᠢᠭᠡ ᠭᠣᠭᠴᠣᠭ᠎ᠠ ᠨᠢᠭᠡ ᠭᠣᠭᠴᠣᠭ᠎ᠠ᠎ᠪᠠᠷ ᠪᠠᠲᠤ ᠰᠠᠬᠢᠬᠤ ᠪᠠ ᠠᠬᠢᠭᠤᠯᠵᠤ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡ᠎ᠪᠠᠷ ᠠᠳᠬᠤᠬᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠵᠢ ᠬᠠᠷᠢᠯᠴᠠᠨ ᠨᠡᠪᠲᠡᠷᠡᠯᠴᠡᠭᠦᠯᠬᠦ ᠵᠢ ᠪᠠᠷᠢᠮᠲᠠᠯᠠᠵᠤ᠂ ᠥᠩᠭᠡᠷᠡᠭᠰᠡᠨ᠎ᠳᠤ ᠬᠣᠷᠢᠭᠯᠠᠵᠤ ᠳᠡᠢ᠌ᠯᠭᠦ ᠦᠭᠡᠢ ᠭᠡᠵᠦ ᠦᠵᠡᠵᠦ ᠪᠠᠢ᠌ᠭᠰᠠᠨ ᠴᠥᠭᠡᠨ ᠪᠤᠰᠤ ᠭᠠᠵᠢᠭᠤ ᠰᠤᠷᠲᠠᠯ᠎ᠢ ᠬᠣᠷᠢᠭᠯᠠᠵᠤ᠂ ᠣᠯᠠᠨ ᠵᠢᠯ᠎ᠤᠨ ᠲᠤᠷᠰᠢ ᠠᠷᠢᠯᠭ᠋ᠠᠵᠤ ᠳᠡᠢ᠌ᠯᠭᠦ ᠦᠭᠡᠢ ᠪᠠᠢ᠌ᠭᠰᠠᠨ ᠠᠷᠬᠠᠭ ᠭᠡᠮ᠎ᠢ ᠠᠷᠢᠯᠭ᠋ᠠᠵᠤ᠂ ᠣᠯᠠᠨ ᠲᠦᠮᠡᠨ᠎ᠤ ᠲᠤᠰᠬᠠᠯ ᠴᠢᠩᠭ᠎ᠠ ᠪᠠᠢ᠌ᠭ᠎ᠠ ᠮᠠᠰᠢ ᠣᠯᠠᠨ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠵᠦ᠂ ᠨᠠᠮ᠎ᠤᠨ ᠰᠤᠷᠲᠠᠯ ᠵᠠᠰᠠᠭ᠎ᠤᠨ ᠰᠤᠷᠲᠠᠯ ᠴᠣ᠋ ᠰᠢᠨ᠎ᠡ ᠪᠣᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠲᠦᠪᠰᠢᠨ ᠪᠦᠬᠦᠯᠢ ᠴᠣᠭᠴᠠ᠎ᠪᠠᠷ ᠳᠡᠭᠡᠭᠰᠢᠯᠡᠬᠦ ᠵᠢ ᠠᠬᠢᠭᠤᠯᠵᠤ᠂ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠬᠦᠴᠦᠷᠬᠡᠭ ᠶᠡᠬᠡ ᠢᠳᠡᠪᠬᠢ ᠬᠦᠴᠦᠨ᠎ᠢ ᠨᠢᠭᠲᠠᠷᠠᠭᠤᠯᠪᠠ ᠭᠡᠵᠦ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠮᠠᠨ᠎ᠤ ᠨᠠᠮ᠎ᠤᠨ ᠡᠭᠦᠷᠭᠡᠯᠡᠵᠦ ᠪᠠᠢ᠌ᠭ᠎ᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠲᠤᠢ᠌ᠯ᠎ᠤᠨ ᠬᠦᠨᠳᠦ᠂ ᠲᠤᠯᠭ᠋ᠠᠷᠠᠵᠤ ᠪᠠᠢ᠌ᠭ᠎ᠠ ᠲᠦᠷᠦ ᠪᠠᠷᠢᠬᠤ ᠣᠷᠴᠢᠨ ᠲᠤᠢ᠌ᠯ᠎ᠤᠨ ᠪᠤᠳᠤᠯᠢᠶᠠᠨᠲᠠᠢ᠂ ᠥᠪᠡᠷ ᠪᠡᠶ᠎ᠡ ᠵᠢᠨ ᠬᠤᠪᠢᠰᠬᠠᠯ ᠬᠢᠬᠦ ᠡᠨᠡ ᠬᠦ᠌ ᠬᠥᠪᠴᠢ ᠵᠢ ᠡᠷᠬᠡᠪᠰᠢ ᠨᠡᠩ ᠴᠢᠩᠭ᠋ᠠᠯᠠᠬᠤ ᠬᠡᠷᠡᠭᠲᠡᠢ᠃ ᠨᠠᠮ᠎ᠤᠨ ᠵᠣᠬᠢᠶᠠᠨ ᠪᠠᠢ᠌ᠭᠤᠯᠤᠯᠲᠠ ᠪᠠ ᠨᠠᠮ᠎ᠤᠨ ᠭᠡᠰᠢᠭᠦᠨ ᠠᠯᠢ ᠱᠠᠲᠤᠨ᠎ᠳᠤ ᠪᠠᠢ᠌ᠭᠰᠠᠨ ᠴᠤ᠌ ᠲᠡᠷᠡ᠂ ᠶᠠᠮᠠᠷ ᠠᠵᠢᠯ᠎ᠢ ᠬᠠᠷᠢᠭᠤᠴᠠᠵᠤ ᠪᠠᠢ᠌ᠭᠰᠠᠨ ᠴᠤ᠌ ᠴᠥᠮ ᠥᠪᠡᠷ ᠪᠡᠶ᠎ᠡ ᠵᠢᠨ ᠬᠤᠪᠢᠰᠬᠠᠯ ᠬᠢᠬᠦ ᠬᠠᠷᠢᠭᠤᠴᠠᠯᠭ᠎ᠠ᠎ᠲᠠᠢ ᠪᠠᠢ᠌ᠬᠤ ᠬᠡᠷᠡᠭᠲᠡᠢ᠃ ᠤᠳᠤᠷᠢᠳᠬᠤ ᠺᠠᠳ᠋ᠷᠴᠤᠳ ᠡᠩ ᠲᠡᠷᠢᠭᠦᠨ᠎ᠳᠤ ᠳᠡᠭᠡᠳᠦ ᠵᠡᠷᠭᠡ ᠵᠢᠨ ᠺᠠᠳ᠋ᠷᠴᠤᠳ ᠨᠡᠩ ᠴᠤ᠌ ᠥᠪᠡᠷ ᠪᠡᠶ᠎ᠡ ᠵᠢᠨ ᠬᠤᠪᠢᠰᠬᠠᠯ ᠬᠢᠬᠦ ᠲᠠᠯ᠎ᠠ᠎ᠪᠠᠷ ᠪᠡᠶ᠎ᠡ᠎ᠪᠠᠷ ᠵᠶ᠋ᠡᠨ ᠬᠡᠪ ᠳᠦᠷᠢᠮ ᠪᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠰᠢ ᠵᠢᠨ ᠫᠢᠩ᠂ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠠᠬᠢᠭᠤᠯᠬᠤ᠎ᠳᠤ ᠡᠷᠬᠡᠪᠰᠢ ᠤᠭ ᠦᠨᠳᠦᠰᠦ ᠵᠢ᠎ᠨᠢ ᠪᠡᠬᠢᠵᠢᠭᠦᠯᠦᠨ ᠬᠥᠮᠥᠵᠢᠭᠦᠯᠵᠦ᠂ ᠨᠠᠮᠴᠢ ᠴᠢᠨᠠᠷ ᠵᠶ᠋ᠠᠨ ᠴᠢᠩᠭ᠋ᠠᠳᠬᠠᠬᠤ ᠬᠡᠷᠡᠭᠲᠡᠢ᠃ ᠨᠠᠮᠴᠢ ᠴᠢᠨᠠᠷ ᠵᠶ᠋ᠠᠨ ᠴᠢᠩᠭ᠋ᠠᠳᠬᠠᠬᠤ ᠵᠢᠨ ᠭᠣᠣᠯᠳᠠᠯᠭ᠎ᠠ᠎ᠨᠢ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠨᠠᠮ᠎ᠳᠠᠭᠠᠨ ᠦᠨᠡᠨᠴᠢ ᠰᠢᠳᠤᠷᠭᠤ ᠪᠠᠢ᠌ᠵᠤ᠂ ᠠᠷᠠᠳ ᠲᠦᠮᠡᠨ᠎ᠤ ᠲᠥᠯᠥᠭᠡ ᠵᠢᠳᠬᠦᠬᠦ ᠬᠠᠢ᠌ᠷ᠎ᠠ ᠰᠡᠳᠬᠢᠯᠭᠡ ᠵᠢ ᠵᠤᠵᠠᠭ᠋ᠠᠳᠬᠠᠵᠤ᠂ ᠶᠣᠰᠣ ᠰᠤᠷᠲᠠᠬᠤᠨ ᠵᠠᠩ ᠴᠢᠨᠠᠷ ᠵᠢᠡᠨ ᠴᠡᠪᠡᠷᠰᠢᠭᠦᠯᠵᠦ᠂ ᠲᠥᠪ ᠭᠣᠣᠯᠴᠢ ᠠᠷᠢᠭᠤᠨ ᠴᠢᠬᠡᠴᠢ ᠪᠠᠢ᠌ᠬᠤ ᠵᠢ ᠪᠠᠲᠤᠯᠠᠬᠤ᠎ᠳᠤ ᠪᠠᠢ᠌ᠨ᠎ᠠ᠃ ᠤᠨᠤᠯ ᠵᠶ᠋ᠠᠷ ᠵᠡᠪᠰᠡᠭᠯᠡᠬᠦ ᠵᠢ ᠴᠢᠩᠭ᠋ᠠᠳᠬᠠᠵᠤ᠂ ᠡᠪ ᠬᠠᠮᠲᠤᠴᠤᠳ᠎ᠤᠨ ᠤᠶᠤᠨ ᠰᠠᠨᠠᠭ᠋ᠠᠨ᠎ᠤ ᠬᠥᠭᠡᠭᠡᠴᠡᠯᠳᠦᠯ᠎ᠢ ᠪᠠᠲᠤ ᠰᠠᠬᠢᠬᠤ ᠭᠡᠷᠡᠭᠲᠡᠢ; ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠳᠦᠯᠭᠡ᠎ᠳᠤ ᠢᠳᠡᠪᠬᠢᠲᠡᠢ ᠣᠷᠣᠯᠴᠠᠵᠤ᠂ ᠠᠵᠢᠯ ᠬᠢᠵᠦ ᠦᠢ᠍ᠯᠡᠰ ᠪᠣᠰᠬᠠᠬᠤ ᠳᠤᠮᠳᠠ ᠡᠷᠡᠮᠡᠬᠡᠢ᠌ᠯᠡᠨ ᠲᠡᠮᠡᠴᠡᠵᠦ᠂ ᠠᠷᠠᠳ ᠲᠦᠮᠡᠨ᠎ᠳᠤ ᠪᠤᠶᠠᠨ ᠦᠢ᠍ᠯᠡᠳᠬᠦ ᠳᠤᠮᠳᠠ ᠶᠣᠰᠣ ᠰᠤᠷᠲᠠᠬᠤᠨ᠎ᠤ ᠲᠦᠪᠰᠢᠨ ᠵᠶ᠋ᠡᠨ ᠳᠡᠭᠡᠭᠰᠢᠯᠡᠭᠦᠯᠭᠦ ᠭᠡᠷᠡᠭᠲᠡᠢ; ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠳᠤ ᠢᠳᠡᠪᠬᠢᠲᠡᠢ ᠣᠷᠣᠯᠴᠠᠵᠤ᠂ ᠵᠣᠷᠢᠭᠲᠠᠢ᠎ᠪᠠᠷ ᠥᠪᠡᠷ᠎ᠢ᠎ᠪᠠᠨ ᠪᠠᠢ᠌ᠴᠠᠭ᠋ᠠᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠥᠮᠦᠵᠢᠯ ᠪᠠ ᠡᠯ᠎ᠡ ᠲᠠᠯ᠎ᠠ ᠵᠢᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃ ᠬᠥᠮᠥᠨ ᠰᠣᠩᠭᠣᠨ ᠬᠥᠮᠥᠨ ᠬᠡᠷᠡᠭᠯᠡᠬᠦ᠎ᠳᠡᠭᠡᠨ ᠨᠠᠮᠴᠢ ᠴᠢᠨᠠᠷ᠎ᠢ ᠢᠯᠭ᠋ᠠᠨ ᠲᠠᠨᠢᠬᠤ ᠵᠢ ᠴᠢᠩᠭ᠋ᠠᠳᠬᠠᠵᠤ᠂ ᠺᠠᠳ᠋ᠷ᠎ᠤᠨ ᠤᠶᠤᠨ ᠰᠠᠨᠠᠭ᠋ᠠᠨ᠎ᠤ ᠠᠬᠤᠢ ᠪᠠᠢ᠌ᠳᠠᠯ ᠥᠨᠳᠥᠷᠴᠡ ᠪᠠ ᠦᠨᠡᠨᠴᠢ ᠰᠢᠳᠤᠷᠭᠤ ᠵᠢᠨ ᠬᠡᠮᠵᠢᠶ᠎ᠡ ᠠᠷᠢᠭᠤᠨ ᠴᠢᠬᠡᠴᠢ ᠵᠢᠨ ᠬᠡᠮᠵᠢᠶ᠎ᠡ ᠵᠢ ᠰᠢᠯᠭ᠋ᠠᠨ ᠪᠠᠢ᠌ᠴᠠᠭ᠋ᠠᠬᠤ ᠵᠢ ᠴᠢᠬᠤᠯᠠᠴᠢᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠢᠯᠵᠢᠷᠡᠯ᠎ᠢ ᠡᠰᠡᠷᠭᠦᠴᠡᠬᠦ᠎ᠳᠤ ᠡᠷᠬᠡᠪᠰᠢ ᠡᠷᠬᠡ ᠵᠢᠨ ᠠᠵᠢᠯᠯᠠᠭ᠋ᠠᠨ᠎ᠢ ᠵᠢᠷᠤᠮᠵᠢᠭᠤᠯᠬᠤ ᠬᠡᠷᠡᠭᠲᠡᠢ᠃ ᠡᠷᠬᠡ ᠵᠢ ᠣᠯᠭᠣᠬᠤ ᠡᠷᠬᠡ ᠵᠢ ᠬᠡᠷᠡᠭᠯᠡᠬᠦ ᠡᠷᠬᠡ ᠵᠢ ᠬᠢᠵᠠᠭ᠋ᠠᠷᠯᠠᠬᠤ ᠵᠢ ᠨᠢᠭᠡᠳᠦᠯᠲᠡᠢ ᠪᠠᠢ᠌ᠯᠭ᠋ᠠᠬᠤ᠂ ᠢᠯᠡ ᠲᠣᠳᠣ ᠮᠥᠷᠳᠡᠵᠦ ᠪᠣᠯᠬᠤᠢ᠌ᠴᠠ ᠳᠦᠷᠢᠮ ᠲᠣᠭᠲᠠᠴᠠ ᠵᠢ ᠪᠦᠷᠢᠨᠰᠢᠭᠦᠯᠵᠦ᠂ ᠡᠷᠬᠡ ᠵᠢᠨ ᠠᠵᠢᠯᠯᠠᠭ᠋ᠠᠨ᠎ᠤ ᠳᠤᠲᠠᠭᠳᠠᠯ᠎ᠢ ᠡᠷᠢᠵᠦ᠂ ᠳᠦᠷᠢᠮ᠎ᠤᠨ ᠳᠤᠲᠠᠭᠤᠳᠠᠯ᠎ᠢ ᠨᠥᠬᠥᠪᠦᠷᠢᠯᠡᠬᠦ ᠵᠢ ᠴᠢᠬᠤᠯᠠᠴᠢᠯᠠᠬᠤ ᠬᠡᠷᠡᠭᠲᠡᠢ᠃ ᠳᠦᠷᠢᠮ᠎ᠢ ᠴᠢᠩᠭ᠎ᠠ ᠬᠡᠷᠡᠭᠵᠢᠭᠦᠯᠵᠦ᠂ ᠠᠷᠠᠳᠴᠢᠯᠠᠯ ᠲᠥᠪᠯᠡᠷᠡᠯ᠎ᠤᠨ ᠶᠣᠰᠣ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠡᠷᠬᠡ ᠵᠢᠨ ᠠᠵᠢᠯᠯᠠᠭ᠋ᠠᠨ᠎ᠳᠤ ᠪᠦᠭᠦ ᠶᠠᠪᠤᠴᠠ᠎ᠪᠠᠷ ᠬᠢᠨᠠᠯᠲᠠ ᠲᠠᠯᠪᠢᠬᠤ ᠬᠡᠷᠡᠭᠲᠡᠢ᠃ ᠨᠠᠮ᠎ᠤᠨ ᠭᠡᠰᠢᠭᠦᠨ ᠺᠠᠳ᠋ᠷᠴᠤᠳ ᠠᠯᠢᠪᠠ ᠡᠷᠬᠡ ᠵᠢ ᠴᠥᠮ ᠠᠷᠠᠳ ᠲᠦᠮᠡᠨ ᠣᠯᠭᠣᠭᠰᠠᠨ ᠭᠡᠳᠡᠭ᠎ᠢ ᠴᠠᠭ ᠢᠮᠠᠭᠲᠠ ᠪᠠᠲᠤ ᠴᠡᠭᠡᠵᠢᠯᠡᠵᠦ᠂ ᠢᠮᠠᠭᠲᠠ ᠠᠷᠠᠳ ᠲᠦᠮᠡᠨ᠎ᠢ ᠭᠦᠨᠳᠦᠳᠭᠡᠵᠦ᠂ ᠵᠣᠬᠢᠶᠠᠨ ᠪᠠᠢ᠌ᠭᠤᠯᠤᠯᠲᠠ ᠵᠢ ᠭᠦᠨᠳᠦᠳᠭᠡᠵᠦ᠂ ᠬᠠᠤᠯᠢ ᠰᠠᠬᠢᠯᠭ᠎ᠠ ᠵᠢ ᠬᠦᠨᠳᠦᠳᠬᠡᠬᠦ ᠬᠡᠷᠡᠭᠲᠡᠢ ᠭᠡᠵᠦ ᠴᠢᠬᠤᠯᠠᠴᠢᠯᠠᠵᠠᠢ᠃
ᠰᠢ ᠵᠢᠨ ᠫᠢᠩ᠂ ᠴᠢᠩᠭ᠎ᠠ ᠬᠢᠨᠠᠯᠲᠠ ᠲᠠᠯᠪᠢᠵᠤ ᠰᠠᠬᠢᠯᠭ᠎ᠠ ᠪᠠᠲᠤ ᠵᠢ ᠬᠡᠷᠡᠭᠵᠢᠭᠦᠯᠬᠦ ᠪᠣᠯ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠬᠤᠷᠴᠠ ᠵᠡᠪᠰᠡᠭ ᠮᠥᠨ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠠᠰᠠᠭᠤᠳᠠᠯ᠎ᠢ ᠡᠷᠬᠡᠪᠰᠢ ᠡᠷᠡᠰ ᠰᠢᠢ᠍ᠳᠪᠦᠷᠢᠯᠡᠬᠦ ᠬᠡᠷᠡᠭᠲᠡᠢ᠃ ᠨᠠᠮ᠎ᠤᠨ ᠳᠣᠲᠣᠭ᠋ᠠᠳᠤ ᠵᠢᠨ ᠬᠢᠨᠠᠯᠲᠠ ᠪᠠ ᠠᠷᠠᠳ ᠲᠦᠮᠡᠨ᠎ᠤ ᠬᠢᠨᠠᠯᠲᠠ ᠵᠢ ᠤᠶᠠᠯᠳᠤᠭᠤᠯᠵᠤ᠂ ᠤᠯᠠᠨ ᠲᠦᠮᠡᠨ᠎ᠤ ᠬᠢᠨᠠᠯᠲᠠ᠂ ᠶᠠᠷᠢᠶ᠎ᠠ ᠬᠡᠯᠡᠯᠴᠡᠭᠡᠨ᠎ᠤ ᠬᠢᠨᠠᠯᠲᠠ ᠵᠢᠨ 《ᠡᠮᠦᠨ᠎ᠡ ᠬᠠᠷᠠᠭᠤᠯ》᠎ᠤᠨ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠵᠤ᠂ ᠡᠯ᠎ᠡ ᠲᠦᠷᠦᠯ᠎ᠤᠨ ᠬᠢᠨᠠᠯᠲᠠ ᠵᠢᠨ ᠨᠡᠪᠲᠡᠷᠡᠯᠴᠡᠨ ᠵᠣᠬᠢᠴᠠᠯᠳᠤᠬᠤ ᠵᠢ ᠠᠬᠢᠭᠤᠯᠬᠤ ᠬᠡᠷᠡᠭᠲᠡᠢ᠃ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠡᠳᠦᠷ ᠲᠤᠳᠤᠮ᠎ᠤᠨ ᠬᠢᠨᠠᠯᠲᠠ ᠵᠢ ᠴᠢᠩᠭ᠋ᠠᠳᠬᠠᠵᠤ᠂ ᠨᠡᠪᠲᠡᠯᠬᠦ ᠬᠦᠴᠦᠨ ᠪᠠ ᠪᠦᠲᠦᠮᠵᠢᠲᠦ ᠴᠢᠨᠠᠷ᠎ᠢ ᠦᠨᠡᠨ ᠬᠦ᠌ ᠳᠡᠭᠡᠭᠰᠢᠯᠡᠭᠦᠯᠭᠦ ᠬᠡᠷᠡᠭᠲᠡᠢ᠃ ᠰᠤᠷᠲᠠᠯ ᠢᠯᠵᠢᠷᠡᠯ᠎ᠢ ᠵᠡᠷᠭᠡ᠎ᠪᠠᠷ ᠪᠠᠢ᠌ᠴᠠᠭ᠋ᠠᠵᠤ ᠵᠡᠷᠭᠡ᠎ᠪᠠᠷ ᠵᠠᠰᠠᠬᠤ ᠡᠷᠴᠢᠮ᠎ᠢ ᠴᠢᠩᠭ᠋ᠠᠷᠠᠭᠤᠯᠵᠤ᠂ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢᠨ ᠴᠢᠩᠭ᠎ᠠ ᠱᠠᠭ᠋ᠠᠷᠳᠠᠯᠭ᠎ᠠ ᠵᠢ ᠬᠠᠲᠠᠭᠤ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠵᠤ᠂ ᠲᠡᠮᠦᠷ ᠮᠡᠲᠦ ᠶᠣᠰᠣ ᠳᠦᠷᠢᠮ᠎ᠢ ᠬᠠᠲᠠᠭᠤ ᠴᠢᠩᠭ᠎ᠠ ᠪᠠᠢ᠌ᠯᠭ᠋ᠠᠵᠤ᠂ ᠪᠦᠭᠦ ᠨᠠᠮ᠎ᠳᠤ ᠡᠷᠡᠰ ᠴᠢᠩᠭ᠎ᠠ᠂ ᠤᠬᠳᠤ ᠨᠠᠢ᠌ᠷ ᠲᠠᠯᠪᠢᠬᠤ ᠦᠭᠡᠢ ᠳᠣᠬᠢᠶ᠎ᠠ ᠥᠭᠴᠦ᠂ ᠵᠢᠷᠦᠬᠡᠰᠢᠶᠡᠯᠭᠡᠬᠦ ᠦᠢ᠍ᠯᠡᠳᠦᠯ᠎ᠢ ᠪᠦᠷᠢᠯᠳᠦᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠨᠠᠮ᠎ᠢ ᠬᠠᠮᠢᠶᠠᠷᠴᠤ ᠨᠠᠮ᠎ᠢ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ᠂ 《ᠨᠢᠭᠡ ᠠᠵᠢᠯ᠎ᠤᠨ ᠪᠠᠢ᠌ᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠵᠡᠷᠭᠡ ᠪᠦᠷᠢᠨ ᠪᠦᠲᠦᠨ ᠬᠠᠷᠢᠭᠤᠴᠠᠯᠭ᠎ᠠ ᠵᠢᠨ ᠬᠡᠯᠬᠢᠶ᠎ᠡ ᠵᠢ ᠪᠦᠷᠢᠯᠳᠦᠭᠦᠯᠵᠦ᠂ ᠬᠠᠷᠢᠭᠤᠴᠠᠯᠭ᠎ᠠ ᠨᠢᠭᠡᠪᠦᠷᠢ ᠵᠢ ᠴᠥᠮ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ 《ᠵᠠᠩᠭᠢᠯᠠᠭ᠎ᠠ ᠵᠢᠨ ᠴᠥᠭᠡᠨ ᠲᠣᠭ᠋ᠠᠲᠠᠨ》 ᠪᠣᠯᠤᠭᠰᠠᠨ᠎ᠤ ᠬᠤᠪᠢ᠎ᠳᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠪᠡᠶ᠎ᠡ᠎ᠪᠠᠨ ᠴᠢᠩᠭ᠎ᠠ ᠱᠠᠭ᠋ᠠᠷᠳᠠᠵᠤ᠂ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠬᠠᠷᠢᠶᠠᠨ᠎ᠳᠠᠬᠢ᠎ᠪᠠᠨ ᠴᠢᠩᠭ᠎ᠠ ᠬᠠᠮᠢᠶᠠᠷᠴᠤ᠂ ᠱᠠᠲᠤ ᠱᠠᠲᠤ᠎ᠪᠠᠷ ᠳᠠᠷᠤᠯᠲᠠ ᠥᠭᠴᠦ᠂ ᠴᠢᠩᠭ᠎ᠠ ᠠᠭᠤᠷ ᠠᠮᠢᠰᠬᠤᠯ᠎ᠢ ᠦᠨᠡᠨ ᠬᠦ᠌ ᠪᠤᠢ ᠪᠤᠯᠭ᠋ᠠᠵᠤ᠂ ᠲᠥᠪ ᠰᠤᠷᠲᠠᠯ᠎ᠢ ᠪᠤᠢ ᠪᠤᠯᠭ᠋ᠠᠬᠤ ᠬᠡᠷᠡᠭᠲᠡᠢ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠨᠥᠬᠥᠳ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠪᠦᠭᠦ ᠨᠠᠮ᠎ᠳᠤ ᠬᠡᠪ ᠳᠠᠭᠤᠷᠢᠶᠠᠯ ᠦᠵᠡᠭᠦᠯᠵᠦ᠂ ᠦᠯᠢᠭᠡᠷ ᠳᠠᠭᠤᠷᠢᠶᠠᠯ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠳᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠵᠣᠷᠢᠭᠲᠠᠢ᠎ᠪᠠᠷ ᠠᠰᠠᠭᠤᠳᠠᠯ᠎ᠳᠤ ᠰᠢᠭᠤᠳ ᠬᠠᠨᠳᠤᠵᠤ᠂ ᠴᠡᠭᠴᠡᠯᠡᠨ ᠰᠠᠢ᠌ᠵᠢᠷᠠᠭᠤᠯᠬᠤ ᠵᠢ ᠱᠠᠯᠠᠪᠳᠠᠭᠤᠯᠵᠤ᠂ ᠡᠯ᠎ᠡ ᠵᠦᠢ᠍ᠯ᠎ᠤᠨ ᠲᠥᠪ ᠪᠤᠰᠤ ᠰᠤᠷᠲᠠᠯ᠎ᠢ ᠴᠢᠩᠭ᠎ᠠ ᠬᠣᠷᠢᠭᠯᠠᠵᠤ᠂ ᠰᠤᠷᠲᠠᠯ᠎ᠤᠨ ᠪᠠᠢ᠌ᠭᠤᠯᠤᠯᠲᠠ ᠵᠢᠨ ᠪᠠᠢ᠌ᠩᠭᠤᠵᠢᠭᠰᠠᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠡᠭᠦᠯᠳᠡᠷᠵᠢᠭᠦᠯᠵᠦ᠂ ᠰᠤᠷᠤᠯᠴᠠᠯᠭ᠎ᠠ ᠬᠥᠮᠦᠵᠢᠯ᠎ᠢ ᠰᠠᠢ᠌ᠲᠤᠷ ᠡᠬᠢᠯᠡᠭᠦᠯᠵᠦ ᠰᠠᠢ᠌ᠲᠤᠷ ᠲᠡᠭᠦᠰᠬᠡᠵᠦ᠂ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃