ᠰᠢᠨᠬᠤᠸᠠ ᠬᠤᠷᠢᠶ᠎ᠠ᠎ᠶ᠋ᠢᠨ ᠪᠡᠭᠡᠵᠢᠩ᠎ᠦᠨ 7 ᠰᠠᠷ᠎ᠠ᠎ᠶᠢᠨ 6᠎ᠤ᠋ ᠴᠠᠬᠢᠯᠭᠠᠨ ᠮᠡᠳᠡᠭᠡ ᠣᠢᠷ᠎ᠠ᠎ᠳᠤ᠂ ᠤᠯᠤᠰ ᠤᠨ ᠲᠡᠷᠢᠭᠦᠯᠡᠭᠴᠢ ᠰᠢ ᠵᠢᠨ ᠫᠢᠩ ᠢᠷᠡᠭᠡᠳᠦᠢ᠎ᠶᠢᠨ 5 ᠵᠢᠯ᠎ᠳᠦ ᠠᠮᠧᠷᠢᠺᠠ᠎ᠶᠢᠨ 5 ᠲᠦᠮᠡᠨ ᠵᠠᠯᠠᠭᠤᠴᠤᠳ ᠪᠠᠭᠠᠴᠤᠳ᠎ᠢ ᠤᠷᠢᠵᠤ ᠳᠤᠮᠳᠠᠳᠤ ᠤᠯᠤᠰ᠎ᠲᠤ ᠰᠣᠯᠢᠯᠴᠠᠭᠤᠯᠤᠨ ᠰᠤᠷᠤᠯᠴᠠᠭᠤᠯᠬᠤ ᠰᠠᠨᠠᠭᠠᠴᠢᠯᠠᠭᠠᠳᠤ ᠣᠷᠣᠯᠴᠠᠵᠤ᠂ ᠲᠤᠮᠳᠠᠳᠤ ᠤᠯᠤᠰ᠎ᠲᠤ᠌ ᠠᠢᠯᠴᠢᠯᠠᠬᠰᠠᠨ ᠠᠮᠧᠷᠢᠺᠠ᠎ᠶᠢᠨ ᠮᠠᠷᠢᠯᠠᠨᠳ᠋ ᠵᠧᠦ᠎ᠶᠢᠨ ᠮᠤᠨᠲᠭᠤᠮᠸᠷᠢ ᠵᠢᠶᠦ᠋ᠨ᠎ᠦ ᠵᠠᠯᠠᠭᠤᠴᠤᠳ ᠪᠠᠭᠠᠴᠤᠳ᠎ᠤᠨ ᠫᠢᠺ ᠪᠥᠮᠪᠥᠭᠡ᠎ᠶᠢᠨ ᠰᠣᠶᠣᠯ᠎ᠤᠨ ᠰᠣᠯᠢᠯᠴᠠᠭᠠᠨ᠎ᠤ ᠳᠤᠮᠳᠠᠳᠤ ᠤᠯᠤᠰ᠎ᠲᠤ ᠠᠢᠯᠴᠢᠯᠠᠬᠤ ᠪᠦᠯᠬᠦᠮ᠎ᠦᠨ ᠪᠠᠭ᠍ᠰᠢ ᠰᠤᠷᠤᠭ᠍ᠴᠢᠳ᠎ᠲᠤ ᠬᠠᠷᠢᠭᠤ ᠵᠠᠬᠢᠶ᠎ᠠ ᠢᠯᠡᠭᠡᠪᠡ᠃
ᠰᠢ ᠵᠢᠨ ᠫᠢᠩ᠂ ᠲᠠ ᠨᠠᠷ᠎ᠤᠨ ᠳᠤᠮᠳᠠᠳᠤ ᠤᠯᠤᠰᠲᠡᠬᠢ ᠠᠢᠯᠴᠢᠯᠠᠯᠲᠠ ᠴᠢᠨᠢ ᠠᠮᠵᠢᠯᠲᠠ ᠤᠯᠤᠭᠰᠠᠨ᠎ᠳᠦ ᠪᠠᠶᠠᠷ ᠬᠦᠷᠭᠡᠵᠦ ᠪᠠᠢᠨ᠎ᠠ᠃ ᠫᠢᠺ ᠪᠥᠮᠪᠥᠭᠡ᠎ᠶᠢᠨ ᠲᠠᠮᠢᠷ᠎ᠤᠨ ᠬᠥᠳᠡᠯᠭᠡᠭᠡᠨ ᠨᠢ ᠳᠤᠮᠳᠠᠳᠤ ᠠᠮᠧᠷᠢᠺᠠ ᠬᠣᠶᠠᠷ ᠤᠯᠤᠰ᠎ᠤᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠰᠢᠨ᠎ᠡ ᠬᠣᠯᠪᠣᠭᠠᠰᠤ ᠪᠣᠯᠤᠭᠰᠠᠨ᠎ᠢ ᠣᠯᠵᠤ ᠬᠠᠷᠠᠭᠰᠠᠨ᠎ᠳᠠᠭᠠᠨ ᠲᠤᠩ ᠪᠠᠶᠠᠷ ᠲᠠᠢ ᠪᠠᠢᠨ᠎ᠠ᠃ ᠳᠤᠮᠳᠠᠳᠤ ᠠᠮᠧᠷᠢᠺᠠ᠎ᠶᠢᠨ ᠬᠠᠷᠢᠯᠴᠠᠭ᠎ᠠ᠎ᠶᠢᠨ ᠢᠷᠡᠭᠡᠳᠦᠢ ᠵᠠᠯᠠᠭᠤᠴᠤᠳ᠎ᠲᠤ ᠪᠤᠢ᠂ ᠲᠠ ᠨᠠᠷ ᠬᠣᠶᠠᠷ ᠤᠯᠤᠰ᠎ᠤᠨ ᠨᠥᠬᠥᠷᠯᠡᠯ᠎ᠦᠨ ᠰᠢᠨ᠎ᠡ ᠨᠢᠭᠡ ᠦᠶ᠎ᠡ᠎ᠶᠢᠨ ᠡᠯᠴᠢ ᠪᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠯᠡᠯ᠎ᠢ ᠵᠤᠵᠠᠭᠠᠳᠬᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠎ᠶᠢ ᠬᠦᠰᠡᠵᠦ ᠪᠠᠢᠨ᠎ᠠ ᠭᠡᠵᠦ ᠢᠯᠡᠳᠬᠡᠪᠡ᠃
ᠡᠭᠦᠨ᠎ᠡᠴᠡ ᠡᠮᠦᠨ᠎ᠡ ᠠᠮᠧᠷᠢᠺᠠ᠎ᠶᠢᠨ ᠮᠠᠷᠢᠯᠠᠨᠳ᠋ ᠵᠧᠦ᠎ᠶᠢᠨ ᠮᠤᠨᠲᠭᠤᠮᠸᠷᠢ ᠵᠢᠶᠦ᠋ᠨ ᠦ ᠵᠠᠯᠠᠭᠤᠴᠤᠳ ᠪᠠᠭᠠᠴᠤᠳ᠎ᠤᠨ ᠫᠢᠺ ᠪᠥᠮᠪᠥᠭᠡ ᠶᠢᠨ ᠰᠣᠶᠣᠯ᠎ᠤᠨ ᠰᠣᠯᠢᠯᠴᠠᠭᠠᠨ᠎ᠤ ᠳᠤᠮᠳᠠᠳᠤ ᠤᠯᠤᠰ᠎ᠲᠤ ᠠᠢᠯᠴᠢᠯᠠᠬᠤ ᠪᠦᠯᠬᠦᠮ᠎ᠦᠨ ᠪᠠᠭ᠍ᠰᠢ ᠰᠤᠷᠤᠭ᠍ᠴᠢᠳ ᠲᠡᠷᠢᠭᠦᠯᠡᠭᠴᠢ ᠰᠢ ᠶᠢᠨ ᠫᠢᠩ᠎ᠳᠦ ᠵᠠᠬᠢᠳᠠᠯ ᠢᠯᠡᠭᠡᠵᠦ᠂ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ 《ᠢᠷᠡᠭᠡᠳᠦᠢ᠎ᠶᠢᠨ 5 ᠵᠢᠯ᠎ᠳᠦ ᠠᠮᠧᠷᠢᠺᠠ᠎ᠶᠢᠨ 5 ᠲᠦᠮᠡᠨ ᠵᠠᠯᠠᠭᠤᠴᠤᠳ ᠪᠠᠭᠠᠴᠤᠳ᠎ᠢ ᠤᠷᠢᠵᠤ ᠳᠤᠮᠳᠠᠳᠤ ᠤᠯᠤᠰ᠎ᠲᠤ ᠰᠣᠯᠢᠯᠴᠠᠭᠤᠯᠤᠨ ᠰᠤᠷᠤᠯᠴᠠᠭᠤᠯᠬᠤ》 ᠰᠠᠨᠠᠭᠠᠴᠢᠯᠠᠭᠠᠳᠤ ᠲᠠᠯᠠᠷᠬᠠᠵᠤ᠂ ᠡᠨᠡ ᠵᠢᠯ᠎ᠦᠨ 4 ᠰᠠᠷ᠎ᠠ᠎ᠳᠤ ᠲᠡᠳᠡ ᠳᠤᠮᠳᠠᠳᠤ ᠤᠯᠤᠰ᠎ᠲᠤ ᠠᠢᠯᠴᠢᠯᠠᠭᠰᠠᠨᠤ ᠬᠠᠮᠲᠤ ᠫᠢᠺ ᠪᠥᠮᠪᠥᠭᠡ᠎ᠶᠢᠨ ᠰᠣᠯᠢᠯᠴᠠᠭ᠎ᠠ ᠥᠷᠨᠢᠭᠦᠯᠦᠭᠰᠡᠨ ᠥᠩᠭᠡᠷᠡᠯᠲᠡ᠎ᠪᠡᠨ ᠲᠠᠨᠢᠯᠴᠠᠭᠤᠯᠵᠤ᠂ ᠲᠣᠰ ᠤᠳᠠᠭᠠᠨ᠎ᠤ ᠠᠶ᠋ᠢᠯᠴᠢᠯᠠᠯᠲᠠ᠎ᠪᠠᠷ ᠳᠤᠮᠳᠠᠳᠤ ᠤᠯᠤᠰ᠎ᠤᠨ ᠵᠠᠯᠠᠭᠤ ᠪᠠᠭ᠎ᠠ ᠨᠠᠢᠵᠠ ᠨᠠᠷ᠎ᠲᠠᠢ ᠮᠠᠷᠲᠠᠭᠳᠠᠰᠢ ᠦᠭᠡᠢ ᠨᠥᠬᠥᠷᠯᠡᠯ ᠪᠠᠢᠭᠤᠯᠤᠭᠰᠠᠨ᠎ᠢᠶᠡᠨ ᠢᠯᠡᠳᠬᠡᠵᠤ᠂ ᠳᠤᠮᠳᠠᠳᠤ ᠤᠯᠤᠰ᠎ᠤᠨ ᠵᠠᠯᠠᠭᠤ ᠪᠠᠭ᠎ᠠ ᠨᠠᠢᠵᠠ ᠨᠠᠷ᠎ᠢ ᠠᠮᠧᠷᠢᠺᠠ᠎ᠳᠤ ᠠᠢᠯᠴᠢᠯᠠᠭᠤᠯᠬᠤ᠎ᠪᠠᠷ ᠤᠷᠢᠬᠤ᠎ᠶᠢ ᠬᠦᠰᠡᠵᠡᠢ