ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ 60 ᠵᠢᠯ᠎ᠦᠨ ᠤᠢ᠎ᠶᠢ ᠪᠡᠯᠭᠡᠯᠡᠬᠦ ᠤᠷᠠᠨ ᠰᠠᠢᠬᠠᠨ᠎ᠤ ᠦᠳᠡᠰᠢᠯᠡᠭᠡ 《ᠴᠠᠰᠤᠲᠤ᠎ᠥᠨᠳᠥᠷᠯᠢᠭ᠎ᠤᠨ ᠪᠠᠶᠠᠷ᠎ᠤᠨ ᠳᠠᠭᠤᠯᠠᠯ》 ᠢ᠋ ᠰᠣᠨᠢᠷᠬᠠᠪᠠ
ᠨᠡᠶ᠋ᠢᠲᠡᠯᠡᠭᠰᠡᠨ ᠴᠠᠭ᠄ 2025-08-21

 
    ᠸᠠᠩ ᠬ᠍ᠤ ᠨᠢᠩ  ᠼᠠᠢ ᠴᠢ ᠲᠣᠭᠯᠠᠯᠲᠠ᠎ᠶ᠋ᠢ ᠰᠤᠨᠢᠷᠬᠠᠬᠤ᠎ᠳᠦ ᠤᠷᠤᠯᠴᠠᠵᠠᠢ

    ᠰᠢᠨᠬᠤᠸᠠ ᠬᠤᠷᠢᠶ᠎ᠠ᠎ᠶ᠋ᠢᠨ ᡀᠠᠰᠠ᠎ᠶᠢᠨ 8 ᠰᠠᠷ᠎ᠠ᠎ᠶᠢᠨ 20 ᠤ᠋ ᠴᠠᠬᠢᠯᠭᠠᠨ ᠮᠡᠳᠡᠭᠡ

    20 ᠎ᠤ᠋ ᠣᠷᠣᠢ᠂ ᠲᠥᠪᠡᠳ᠎ᠦᠨ ᠲᠣᠮᠣ᠌ ᠲᠢᠶᠠᠲ᠋ᠷ᠎ᠲᠤ ᠪᠠᠶᠠᠷ ᠪᠠᠶᠠᠰᠬᠤᠯᠠᠨᠭᠲᠦ ᠠᠭᠤᠷ ᠠᠮᠢᠰᠬᠤᠯ᠎ᠢᠶᠠᠷ ᠪᠢᠯᠬᠠᠵᠤ ᠪᠠᠢᠪᠠ᠃ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ 60 ᠵᠢᠯ᠎ᠦᠨ ᠣᠢ᠎ᠶᠢ ᠪᠡᠯᠭᠡᠯᠡᠬᠦ ᠤᠷᠠᠨ ᠰᠠᠢᠬᠠᠨ᠎ᠤ ᠦᠳᠡᠰᠢᠯᠡᠭᠡ 《ᠴᠠᠰᠤᠲᠤ᠎ᠦᠨᠳᠦᠷᠯᠢᠭ᠎ᠤᠨ ᠪᠠᠶᠠᠷ᠎ᠤᠨ ᠳᠠᠭᠤᠯᠠᠯ》 ᠡᠨᠳᠡ ᠶᠠᠪᠤᠭᠳᠠᠪᠠ᠃ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶ᠋ᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ᠎ᠶᠢᠨ ᠲᠡᠷᠢᠭᠦᠯᠡᠭᠴᠢ ᠰᠢ ᠵᠢᠨ ᠫᠢᠩ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ ᠨᠤᠭᠦᠳ᠎ᠤᠨ ᠺᠠᠳ᠋ᠷ ᠤᠯᠠᠨ ᠲᠦᠮᠡᠨ ᠲᠡᠢ ᠬᠠᠮᠲᠦ ᠲᠤᠭᠯᠠᠯᠲᠠ᠎ᠶ᠋ᠢ ᠰᠤᠨᠢᠷᠬᠠᠪᠠ᠃

    8 ᠰᠠᠷ᠎ᠠ᠎ᠶᠢᠨ 20 ᠎ᠤ᠋ ᠣᠷᠣᠢ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ 60 ᠵᠢᠯ᠎ᠦᠨ ᠣᠢ᠎ᠶᠢ ᠪᠡᠯᠭᠡᠯᠡᠬᠦ ᠤᠷᠠᠨ ᠰᠠᠢᠬᠠᠨ᠎ᠤ ᠦᠳᠡᠰᠢᠯᠡᠭᠡ 《ᠴᠠᠰᠤᠲᠤ᠎ᠦᠨᠳᠦᠷᠯᠢᠭ᠎ᠤᠨ ᠪᠠᠶᠠᠷ᠎ᠤᠨ ᠳᠠᠭᠤᠯᠠᠯ》 ᠲᠥᠪᠡᠳ᠎ᠦᠨ ᠲᠣᠮᠣ᠌ ᠲᠢᠶᠠᠲ᠋ᠷ᠎ᠲᠤ ᠶᠠᠪᠤᠭᠳᠠᠪᠠ᠃ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶ᠋ᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ᠎ᠶ᠋ᠢᠨ ᠲᠡᠷᠢᠭᠦᠯᠡᠭᠴᠢ ᠰᠢ ᠵᠢᠨ ᠫᠢᠩ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ ᠨᠤᠭᠦᠳ᠎ᠤᠨ ᠺᠠᠳ᠋ᠷ ᠤᠯᠠᠨ ᠲᠦᠮᠡᠨ ᠲᠡᠢ ᠬᠠᠮᠲᠦ ᠲᠤᠭᠯᠠᠯᠲᠠ᠎ᠶ᠋ᠢ ᠰᠤᠨᠢᠷᠬᠠᠪᠠ᠃ ᠵᠢᠷᠤᠭ ᠪᠤᠯ᠂ ᠰᠢ ᠵᠢᠨ ᠫᠢᠩ ᠤᠯᠠᠨ᠎ᠦ ᠵᠦᠭ ᠭᠠᠷ ᠲᠠᠯᠠᠯᠤᠨ ᠮᠠᠨᠳᠤᠴᠢᠯᠠᠯ ᠲᠡᠪᠰᠢᠬᠦᠯᠵᠦ ᠪᠠᠢᠭ᠎ᠠ ᠨᠢ᠃

     ᠰᠢᠨᠬᠤᠸᠠ ᠬᠤᠷᠢᠶ᠎ᠠ᠎ᠶ᠋ᠢᠨ ᠰᠤᠷᠪᠤᠯᠵᠢᠯᠠᠭᠴᠢ ᠶᠡᠨ ᠶᠡᠨ ᠰᠡᠬᠦᠳᠡᠷᠯᠡᠪᠡ

      ᠦᠳᠡᠰᠢᠯᠡᠭᠡ ᠨᠢ 《ᠲᠠᠨ᠎ᠳᠤ ᠲᠠᠯᠠᠷᠬᠠᠯ᠎ᠠ·〈ᠲᠦᠵᠢᠴᠢᠶᠸ〉》 ᠭᠡᠬᠦ ᠲᠠᠭᠤᠤ ᠪᠦᠵᠢᠭ᠎ᠤᠨ ᠲᠤᠬᠯᠠᠯᠳᠠ ᠲᠤᠮᠳᠠ ᠬᠦᠰᠢᠭᠡ᠎ᠪᠡᠨ ᠨᠡᠬᠡᠬᠡᠪᠡ᠃ ᠲᠣᠭᠯᠠᠯᠲᠠ ᠨᠢ ᠨᠡᠶ᠋ᠢᠲᠡ 3 ᠪᠦᠯᠦᠭ᠎ᠢᠶᠡᠷ ᠪᠦᠷᠢᠯᠳᠦᠵᠡᠢ᠃ ᠲᠡᠭᠡᠲᠤ ᠪᠦᠯᠦᠭ ᠨᠢ 《ᠵᠣᠯ ᠵᠢᠷᠭᠠᠯ᠎ᠤᠨ ᠡᠬᠢᠯᠡᠯᠳᠡ᠎ᠶ᠋ᠢᠨ ᠴᠡᠭ》᠂ 《ᠳᠠᠭᠤᠯᠠᠨ ᠪᠦᠵᠢᠭᠯᠡᠵᠤ ᠪᠠᠶᠠᠷᠯᠠᠨ ᠪᠡᠯᠭᠡᠯᠡᠶ᠎ᠡ》᠂ 《ᠲᠠᠷᠢᠶᠠᠯᠠᠩ᠎ᠤᠨ ᠲᠠᠯᠠᠪᠠᠢ᠎ᠶᠢᠨ ᠲᠠᠪᠤᠨ ᠬᠦᠢᠰ ᠴᠡᠴᠡᠭ》 ᠵᠡᠷᠭᠡ ᠳᠠᠭᠤᠤ ᠪᠥᠵᠢᠭ᠎ᠢᠶᠡᠷ ᠳᠠᠮᠵᠢᠨ᠂ ᠨᠡᠢᠭᠡᠮ ᠵᠢᠷᠤᠮᠳᠤ ᠰᠢᠨ᠎ᠡ ᠲᠥᠪᠡᠳ᠎ᠢ ᠪᠦᠲᠦᠭᠡᠨ ᠪᠠᠶ᠋ᠢᠭᠤᠯᠵᠤ ᠪᠠᠢᠭ᠎ᠠ ᠠᠮᠢᠳᠤᠯᠢᠭ᠋ ᠰᠠᠢᠬᠠᠨ ᠦᠵᠡᠭᠳᠡᠯ ᠪᠠᠢᠳᠠᠯ᠎ᠢ ᠳᠡᠯᠭᠡᠨ ᠦᠵᠡᠭᠦᠯᠪᠡ᠃ ᠲᠤᠮᠳᠠ ᠪᠦᠯᠦᠭ ᠪᠤᠯᠬᠤ ᠠᠬᠤᠢ ᠦᠵᠡᠭᠳᠡᠯᠲᠤ ᠳᠡᠭᠤᠤ ᠪᠥᠵᠢᠭ 《ᠤᠷᠤᠬᠰᠢᠯᠠᠨ ᠲᠠᠪᠬᠢᠭ᠎ᠠ ᠥᠨᠳᠥᠷᠯᠢᠭ》᠂ ᠴᠦᠷᠬᠡᠯᠡᠭᠡ ᠲᠠᠭᠤᠤ 《ᠦᠵᠡᠰᠭᠦᠯᠡᠩᠲᠤ ᠰᠠᠢᠬᠠᠨ ᠨᠤᠲᠤᠭ ᠤᠰᠤᠨ》᠂ ᠬᠦᠭᠵᠢᠮ ᠬᠠᠪᠰᠤᠷᠭᠠᠭᠰᠠᠨ ᠬᠦᠤᠷᠨᠢᠯ 《ᠭᠦᠨ ᠵᠤᠵᠠᠭᠠᠨ ᠬᠠᠢᠷ᠎ᠠ》 ᠨᠢ ᠥᠭᠡᠷᠡᠴᠢᠯᠡᠯᠲᠡ ᠨᠡᠭᠡᠭᠡᠯᠲᠡ᠎ᠶ᠋ᠢᠨ ᠴᠠᠰᠤᠲᠤ ᠥᠨᠳᠥᠷᠯᠢᠭ᠎ᠲᠦ ᠠᠪᠴᠢᠷᠠᠭᠰᠠᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠬᠠᠷᠠᠭᠤᠯᠪᠠ᠃ ᠲᠤᠤᠷᠠᠲᠤ ᠪᠦᠯᠦᠭ᠎ᠤᠨ 《ᠰᠢᠨ᠎ᠡ ᠠᠶᠠᠨ》᠂ 《ᠭᠠᠯᠠ ᠲᠣᠰᠬᠣᠨ᠎ᠤ ᠪᠠᠶᠠᠷ ᠪᠠᠶᠠᠰᠤᠯ》᠂ 《ᠪᠢᠳᠡ ᠴᠥᠮ ᠲᠦᠷᠦᠭᠰᠡᠨ ᠠᠬ᠎ᠠ ᠳᠡᠭᠦᠦ》᠂ 《ᠡᠬᠡ ᠤᠯᠤᠰ᠎ᠤᠨ᠎ᠢᠶᠠᠨ ᠡᠯᠢᠭᠡᠨ᠎ᠳᠦ》 ᠵᠡᠷᠭᠡ ᠳᠠᠭᠤᠤ ᠪᠥᠵᠢᠭ᠎ᠢᠶᠡᠷ ᠵᠣᠯ ᠵᠢᠷᠭᠠᠯᠲᠤ ᠰᠢᠨ᠎ᠡ ᠲᠥᠪᠡᠳ᠎ᠦᠨ ᠰᠠᠢᠨ ᠰᠠᠢᠬᠠᠨ ᠦᠵᠡᠮᠵᠢ᠎ᠵᠢᠷᠤᠭ᠎ᠢ ᠳᠡᠯᠭᠡᠨ ᠦᠵᠡᠭᠦᠯᠵᠦ᠂ 《ᠰᠡᠳᠬᠢᠯ ᠨᠢᠭᠡᠳᠦᠨ ᠰᠢᠨ᠎ᠡ ᠴᠠᠭ ᠦᠶ᠎ᠡ᠎ᠳᠤ ᠬᠠᠮᠲᠤ᠎ᠪᠠᠷ ᠪᠥᠵᠢᠭᠯᠡᠶ᠎ᠡ》 ᠭᠡᠬᠦ ᠲᠤᠭᠯᠠᠯᠲᠠ ᠨᠢ ᠦᠳᠡᠰᠢᠯᠡᠭᠡ᠎ᠶ᠋ᠢ ᠤᠷᠬᠢᠯ᠎ᠳᠤ ᠬᠦᠷᠭᠡᠪᠡ᠃ ᠪᠦᠬᠦᠢᠯᠡ ᠦᠳᠡᠰᠢᠯᠡᠭᠡ ᠨᠢ ᠰᠡᠳᠬᠢᠯᠭᠡ ᠭᠦᠨ ᠵᠤᠵᠠᠭᠠᠨ᠂ ᠢᠯᠡᠷᠡᠬᠦᠯᠦᠯ ᠭᠣᠢᠳᠠ ᠰᠠᠢᠬᠠᠨ ᠪᠠᠢᠵᠤ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ 60 ᠵᠢᠯ᠎ᠦᠨ ᠲᠤᠷᠰᠢᠬᠢ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶᠢ ᠲᠤᠰᠬᠠᠵᠤ᠂ ᠲᠥᠪᠡᠳ᠎ᠦᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠥᠨᠢ ᠡᠭᠦᠷᠢᠳᠡ ᠨᠠᠮ᠎ᠤᠨ ᠦᠭᠡ᠎ᠶᠢ ᠰᠣᠨᠣᠰᠴᠤ᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠳᠠᠭᠠᠨ ᠤᠷᠤᠬᠰᠢᠯᠠᠬᠤ ᠴᠢᠩ ᠦᠨᠡᠨᠴᠢ ᠬᠠᠢᠷ᠎ᠠ ᠰᠡᠳᠬᠢᠯᠭᠡ᠎ᠶᠢ ᠢᠯᠡᠷᠡᠭᠦᠯᠵᠡᠢ᠃

      ᠸᠠᠩ ᠬᠣ᠌ ᠨᠢᠩ᠂ ᠼᠠᠢ ᠴᠢ᠂ ᠯᠢ ᠭᠠᠨ ᠵᠢᠶᠸ᠂ ᠡᡁᠸ ᠯᠢ ᠹᠧᠩ᠂ ᠵᠠᠩ ᠭᠦᠸᠧ ᠴᠢᠩ᠂ ᠸᠠᠩ ᠰᠢᠶᠣᠣ ᠬᠣᠩ᠂ ᠯᠤᠪᠰᠠᠩᠵᠠᠯᠰᠠᠨ᠂ ᠬᠣ᠌ ᠴᠦᠨ ᠬᠤᠸᠠ ᠪᠣᠯᠣᠨ ᠵᠠᠩ ᠱᠧᠩ ᠮᠢᠨ᠂ ᠲᠥᠪᠡᠳ᠎ᠲᠦ ᠠᠵᠢᠯᠯᠠᠵᠤ ᠥᠩᠭᠡᠷᠡᠭᠰᠡᠨ ᠠᠬᠠᠮᠠᠳ ᠨᠥᠬᠥᠳ ᠵᠢᠴᠢ ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ᠂ ᠲᠥᠪ᠎ᠦᠨ ᠲᠥᠯᠥᠭᠡᠯᠡᠭᠴᠢᠳ᠎ᠦᠨ ᠪᠦᠯᠬᠦᠮ᠎ᠦᠨ ᠪᠦᠬᠦ ᠪᠦᠷᠢᠯᠳᠦᠭᠦᠨ ᠬᠠᠮᠲᠤ ᠪᠠᠷ ᠲᠣᠭᠯᠠᠯᠲᠠ᠎ᠶᠢ ᠰᠣᠨᠢᠷᠬᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            