9 ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠬᠡᠯᠲᠡᠰ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠠᠴᠠ ᠬᠠᠮᠲᠤᠷᠠᠨ ᠡᠷᠭᠢᠯᠡᠭᠰᠡᠨ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠣᠭᠣᠮᠲᠠ ᠰᠢᠪᠲᠤᠯᠬᠤ 》 ᠢᠨᠵᠧᠨᠧᠷᠢᠩ᠎ᠢ ᠬᠡᠷᠡᠭᠵᠢᠭᠦᠯᠬᠦ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ ᠠᠤᠬᠠᠨ᠎ᠤ ᠺᠠᠳ᠋ᠷ᠎ᠤᠨ ᠳᠡᠭᠡᠳᠦ ᠰᠤᠷᠭ᠋ᠠᠭᠤᠯᠢ᠎ᠳᠤ ᠤᠷᠤᠭᠰᠢᠲᠠᠶ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠥᠪᠯᠡᠯ᠎ᠤᠨ ᠪᠦᠷᠢᠯᠳᠦᠬᠦᠨ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠠᠢ᠌ᠮᠠᠭ ᠬᠣᠲᠠ ᠵᠢᠴᠢ ᠦᠨᠳᠦᠰᠦᠨ ᠱᠠᠲᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ 45 ᠲᠤᠬᠠᠢ᠌ᠯᠠᠭᠰᠠᠨ ᠠᠵᠢᠯ᠎ᠤᠨ ᠭᠣᠤᠯᠯᠠᠭᠴᠢ ᠰᠤᠷᠤᠯᠴᠠᠭᠰᠠᠳ ᠨᠢᠭᠡ ᠲᠠᠩᠬᠢᠮ᠎ᠳᠤ ᠴᠤᠭᠯᠠᠷᠠᠵᠤ᠂ ᠰᠤᠷᠤᠯᠴᠠᠵᠤ ᠰᠢᠨ᠎ᠡ ᠠᠶᠠᠨ ᠵᠶ᠋ᠠᠨ ᠡᠬᠢᠯᠡᠭᠦᠯᠪᠡ᠃

ᠲᠣᠰ ᠤᠳᠠᠭ᠋ᠠᠨ᠎ᠤ ᠪᠣᠯᠪᠠᠰᠤᠷᠠᠯ᠎ᠤᠨ ᠠᠩᠭᠢ᠎ᠨᠢ ᠨᠢᠭᠡ ᠭᠠᠷᠠᠭ᠎ᠤᠨ ᠬᠤᠭᠤᠴᠠᠭ᠎ᠠ᠎ᠲᠠᠢ ᠪᠠᠢ᠌ᠵᠤ᠂ ᠭᠣᠤᠯᠳᠠᠭᠤ ᠲᠤᠰᠬᠠᠶ ᠰᠡᠳᠦᠪᠲᠦ ᠵᠢᠭ᠋ᠠᠨ ᠰᠤᠷᠭ᠋ᠠᠯᠲᠠ᠂ ᠲᠤᠬᠠᠶ ᠵᠢᠨ ᠲᠠᠯᠠᠪᠠᠶ ᠵᠢᠨ ᠵᠢᠭ᠋ᠠᠨ ᠰᠤᠷᠭ᠋ᠠᠯᠲᠠ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠂ ᠪᠡᠶᠡᠴᠢᠯᠡᠨ ᠣᠢ᠌ᠯᠠᠭ᠋ᠠᠬᠤ ᠵᠢ ᠥᠷᠭᠡᠳᠬᠡᠬᠦ᠂ ᠭᠣᠤᠯ ᠰᠡᠳᠦᠪᠲᠦ ᠰᠤᠳᠤᠯᠤᠨ ᠶᠠᠷᠢᠯᠴᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠣᠭᠣᠮᠲᠠ ᠰᠢᠪᠲᠤᠯᠬᠤ 》 ᠵᠢᠨ ᠢᠨᠵᠧᠨᠧᠷᠢᠩ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠲᠥᠷᠥ ᠵᠢᠨ ᠪᠣᠳᠣᠯᠭ᠎ᠠ ᠵᠡᠷᠭᠡ ᠲᠠᠯ᠎ᠠ ᠵᠢᠨ ᠠᠭᠤᠯᠭ᠎ᠠ ᠵᠢᠨ ᠲᠣᠭᠣᠷᠢᠨ᠎ᠳᠤ ᠰᠤᠷᠤᠯᠴᠠᠯᠭ᠎ᠠ ᠥᠷᠨᠢᠭᠦᠯᠪᠡ ᠃ ᠪᠣᠯᠪᠠᠰᠤᠷᠠᠯ᠎ᠳᠤ ᠣᠷᠣᠯᠴᠠᠭᠰᠠᠨ ᠰᠤᠷᠤᠭᠴᠢᠳ᠂ ᠲᠤᠰ ᠤᠳᠠᠭ᠎ᠠ ᠵᠢᠨ ᠪᠣᠯᠪᠠᠰᠤᠷᠠᠯ ᠵᠶ᠋ᠠᠷ ᠠᠵᠠ ᠲᠣᠬᠢᠶᠠᠯ ᠪᠣᠯᠭ᠋ᠠᠵᠤ᠂ ᠨᠠᠷᠢᠨ ᠬᠢᠨᠠᠮᠠᠭ᠋ᠠᠢ ᠰᠤᠷᠤᠯᠴᠠᠨ ᠭᠦᠨᠵᠡᠭᠡᠢ ᠪᠣᠳᠣᠯᠬᠢᠯᠠᠵᠤ᠂ ᠪᠣᠯᠪᠠᠰᠤᠷᠠᠯ᠎ᠤᠨ ᠦᠷ᠎ᠡ ᠪᠦᠲᠦᠭᠡᠯ᠎ᠢ ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠢ᠎ᠡ ᠪᠣᠯᠭ᠋ᠠᠨ ᠬᠤᠪᠢᠷᠠᠭᠤᠯᠬᠤ ᠵᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢ᠍ᠯᠡᠰ᠎ᠲᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ ᠃