ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠣᠭᠣᠮᠲᠠ ᠰᠢᠪᠲᠤᠯᠬᠤ》 ᠳᠣᠤᠷ᠎ᠠ ᠠᠭ᠋ᠠᠷ᠎ᠤᠨ ᠠᠵᠤ ᠠᠬᠤᠶ ᠵᠢᠨ ᠴᠡᠭ ᠪᠠᠢ᠌ᠷᠢ ᠵᠢᠨ ᠲᠥᠷᠥᠯ ᠵᠦᠢᠯ᠎ᠢ ᠡᠬᠢᠯᠡᠭᠦᠯᠵᠦ ᠲᠣᠰ ᠬᠦᠷᠢᠶᠡᠨ᠎ᠤ ᠮᠡᠷᠭᠡᠵᠢᠯ᠎ᠤᠨ ᠳᠤᠮᠳᠠᠬᠢ ᠲᠤᠷᠰᠢᠯᠲᠠ ᠵᠢᠨ ᠬᠣᠭᠣᠰᠣᠨ᠎ᠢ ᠨᠥᠬᠥᠪᠥᠷᠢᠯᠡᠬᠦ ᠪᠣᠯᠤᠮᠵᠢ᠎ᠲᠠᠢ ᠪᠠᠢ᠌ᠨ᠎ᠠ
ᠨᠡᠶ᠋ᠢᠲᠡᠯᠡᠭᠰᠡᠨ ᠴᠠᠭ᠄ 2025-08-27

      8 ᠳ᠋ᠤᠭ᠋ᠠᠷ ᠰᠠᠷ᠎ᠠ ᠵᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠤᠨ ᠳᠣᠤᠷ᠎ᠠ ᠠᠭ᠋ᠠᠷ᠎ᠤᠨ ᠠᠵᠤ ᠠᠬᠤᠢ ᠵᠢᠨ ᠴᠡᠭ ᠪᠠᠢ᠌ᠷᠢ ᠵᠢᠨ ᠲᠤᠰᠬᠠᠢ ᠲᠦᠷᠦᠯ ᠪᠤᠯᠠᠬᠤ《ᠳᠣᠤᠷ᠎ᠠ ᠠᠭ᠋ᠠᠷ᠎ᠤᠨ ᠲᠡᠭᠡᠭᠡᠪᠦᠷᠢ ᠵᠢᠨ ᠮᠡᠷᠭᠡᠵᠢᠯ᠎ᠤᠨ ᠲᠤᠷᠰᠢᠯᠲᠠ ᠵᠢᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ᠎ᠳᠠᠬᠢ ᠵᠢᠷᠤᠵᠤ ᠲᠦᠯᠦᠪᠯᠡᠬᠦ᠂ ᠲᠤᠷᠰᠢᠬᠤ᠂ ᠮᠡᠷᠭᠡᠵᠢᠯ᠎ᠤᠨ ᠰᠢᠰᠲ᠋ᠧᠮ᠎ᠢ ᠰᠢᠯᠢᠳᠡᠭᠵᠢᠭᠦᠯᠬᠦ ᠰᠤᠳᠤᠯᠭ᠋ᠠᠨ》᠎ᠤ ᠲᠥᠷᠥᠯ ᠵᠦᠢᠯ ᠣᠷᠳᠣᠰ ᠬᠣᠲᠠ᠎ᠳᠤ ᠡᠬᠢᠯᠡᠪᠡ᠃ ᠲᠣᠰ ᠲᠥᠷᠥᠯ ᠵᠦᠢᠯ᠎ᠨᠢ ᠳᠣᠤᠷ᠎ᠠ ᠠᠭ᠋ᠠᠷ᠎ᠤᠨ ᠲᠣᠨᠣᠭ ᠲᠥᠬᠥᠭᠡᠷᠦᠮᠵᠢ ᠵᠢ ᠰᠤᠳᠤᠯᠤᠨ ᠨᠡᠭᠡᠭᠡᠬᠦ ᠪᠠ ᠬᠡᠷᠡᠭᠯᠡᠬᠦ ᠵᠢᠨ ᠭᠣᠤᠯ ᠡᠮᠵᠡᠭ ᠭᠠᠵᠠᠷ᠎ᠲᠤ ᠰᠢᠭᠤᠳ ᠬᠠᠨᠳᠤᠵᠤ᠂ 《ᠪᠥᠬᠥ ᠤᠯᠤᠰ᠎ᠤᠨ ᠲᠣᠨᠣᠭ ᠲᠥᠬᠥᠭᠡᠷᠦᠮᠵᠢ᠎ᠪᠠᠷ ᠬᠠᠮᠤᠭ᠎ᠤᠨ ᠪᠦᠷᠢᠨ ᠲᠡᠭᠦᠯᠳᠡᠷ᠂ ᠴᠢᠳᠠᠮᠵᠢ᠎ᠪᠠᠷ ᠬᠠᠮᠤᠭ᠎ᠤᠨ ᠪᠦᠷᠢᠨ ᠲᠡᠭᠦᠯᠳᠡᠷ᠂ ᠮᠡᠷᠭᠡᠵᠢᠯ᠎ᠤᠨ ᠬᠢᠷᠢ ᠲᠦᠪᠰᠢᠨ ᠵᠶ᠋ᠡᠷ ᠬᠠᠮᠤᠭ᠎ᠤᠨ ᠥᠨᠳᠥᠷ》ᠳᠣᠤᠷ᠎ᠠ ᠠᠭ᠋ᠠᠷ᠎ᠤᠨ ᠲᠡᠭᠡᠭᠡᠪᠦᠷᠢ ᠵᠢᠨ ᠮᠡᠷᠭᠡᠵᠢᠯ᠎ᠤᠨ ᠳᠤᠮᠳᠠᠬᠢ ᠲᠤᠷᠰᠢᠯᠲᠠ ᠵᠢᠨ ᠦᠢᠯᠡᠴᠢᠯᠡᠭᠡᠨ᠎ᠤ ᠰᠢᠰᠲ᠋ᠧᠮ᠎ᠢ ᠪᠠᠢ᠌ᠭᠤᠯᠵᠤ᠂ ᠮᠠᠨ᠎ᠤ ᠣᠷᠣᠨ᠎ᠤ ᠬᠣᠭᠣᠰᠣᠨ᠎ᠢ ᠨᠥᠬᠥᠪᠥᠷᠢᠯᠡᠵᠦ᠂ ᠣᠷᠣᠨ ᠪᠦᠰᠡ ᠵᠢᠨ ᠳᠣᠤᠷ᠎ᠠ ᠠᠭ᠋ᠠᠷ᠎ᠤᠨ ᠠᠵᠤ ᠠᠬᠤᠶ ᠵᠢᠨ ᠠᠵᠤ ᠦᠢᠯᠡᠰ᠎ᠤᠨ ᠬᠡᠯᠬᠢᠶ᠎ᠡ᠎ᠳᠤ ᠪᠠᠲᠤ ᠪᠠᠬᠢ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠪᠣᠯᠤᠮᠵᠢ᠎ᠲᠠᠢ ᠪᠠᠢ᠌ᠨ᠎ᠠ᠃

 

 

      

     《ᠳᠣᠤᠷ᠎ᠠ ᠠᠭ᠋ᠠᠷ᠎ᠤᠨ ᠲᠡᠭᠡᠭᠡᠪᠦᠷᠢ ᠵᠢᠨ ᠮᠡᠷᠭᠡᠵᠢᠯ᠎ᠤᠨ ᠳᠤᠮᠳᠠᠬᠢ ᠲᠤᠷᠰᠢᠯᠲᠠ ᠵᠢᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ᠎ᠳᠠᠬᠢ ᠵᠢᠷᠤᠵᠤ ᠲᠦᠯᠦᠪᠯᠡᠬᠦ᠂ ᠲᠤᠷᠰᠢᠬᠤ᠂ ᠮᠡᠷᠭᠡᠵᠢᠯ᠎ᠤᠨ ᠰᠢᠰᠲ᠋ᠧᠮ᠎ᠢ ᠰᠢᠯᠢᠳᠡᠭᠵᠢᠭᠦᠯᠬᠦ ᠰᠤᠳᠤᠯᠭ᠋ᠠᠨ》ᠭᠡᠬᠦ ᠲᠥᠷᠥᠯ ᠵᠦᠢ᠍ᠯ᠎ᠢ ᠣᠷᠳᠣᠰ᠎ᠤᠨ ᠨᠢᠰᠬᠡᠯ᠎ᠤᠨ ᠪᠠᠭᠤᠳᠠᠯ᠎ᠤᠨ ᠬᠠᠮᠢᠶᠠᠷᠤᠯᠲᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠲᠦᠷᠦᠭᠦᠯᠡᠨ᠂ ᠵᠢᠶᠠᠩᠨᠠᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠠᠵᠤ ᠦᠢᠯᠡᠳᠪᠦᠷᠢ ᠵᠢᠨ ᠶᠡᠬᠡ ᠰᠤᠷᠭ᠋ᠠᠭᠤᠯᠢ᠂ ᠳ᠋ᠠ ᠳ᠋ᠤᠤ ᠺᠦᠩ ᠲᠢᠶᠠᠨ ᠳᠡᠭᠡᠳᠦ ᠰᠢᠨ᠎ᠡ ᠮᠡᠷᠭᠡᠵᠢᠯ᠎ᠤᠨ (ᠥᠪᠥᠷ ᠮᠣᠩᠭᠣᠯ) ᠬᠢᠵᠠᠭ᠋ᠠᠷᠲᠤ ᠺᠣᠮᠫᠠᠨᠢ ᠵᠡᠷᠭᠡ 6 ᠨᠢᠭᠡᠴᠢ᠎ᠲᠠᠢ ᠬᠣᠯᠪᠣᠭ᠋ᠠᠯᠠᠨ᠂ ᠳᠣᠤᠷ᠎ᠠ ᠠᠭ᠋ᠠᠷ᠎ᠤᠨ ᠨᠢᠰᠦᠭᠦᠷ᠎ᠤᠨ ᠮᠡᠷᠭᠡᠵᠢᠯ᠎ᠢ ᠬᠤᠪᠢᠷᠠᠭᠤᠯᠬᠤ᠂ ᠲᠸᠰᠲ ᠭᠡᠷᠡᠴᠢᠯᠡᠯ᠂ ᠴᠢᠳᠠᠮᠵᠢ ᠵᠢ ᠰᠢᠯᠢᠳᠡᠭᠵᠢᠭᠦᠯᠬᠦ ᠵᠡᠷᠭᠡ ᠭᠣᠭᠴᠣᠭ᠎ᠠ᠎ᠳᠤ ᠲᠤᠯᠭ᠋ᠠᠷᠠᠵᠤ ᠪᠠᠢ᠌ᠭ᠎ᠠ ᠪᠣᠭᠣᠮᠢ ᠵᠢᠨ ᠠᠰᠠᠭᠤᠳᠠᠯ᠂ ᠨᠢᠰᠦᠯᠲᠡ ᠵᠢᠨ ᠴᠢᠳᠠᠮᠵᠢ ᠪᠠ ᠨᠠᠢ᠌ᠳᠠᠪᠤᠷᠢᠲᠤ ᠴᠢᠨᠠᠷ᠎ᠤᠨ ᠲᠣᠭᠣᠷᠢᠨ᠎ᠳᠤ ᠪᠥᠬᠥ ᠶᠠᠪᠤᠴᠠ ᠵᠢᠨ ᠪᠣᠳᠠᠲᠤ ᠦᠵᠡᠮᠵᠢ ᠵᠢ ᠰᠢᠯᠭ᠋ᠠᠨ ᠪᠠᠢ᠌ᠴᠠᠭ᠋ᠠᠵᠤ ᠦᠨᠡᠯᠡᠨ ᠵᠢᠱ᠌ᠢᠬᠦ᠂ ᠬᠦᠴᠦᠨ᠎ᠤ ᠤᠬᠠᠭ᠋ᠠᠨ ᠬᠢᠭᠡᠳ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠳᠠᠭᠤᠷᠢᠶᠠᠮᠠᠯ ᠬᠡᠮᠵᠢᠯᠲᠡ᠂ ᠵᠥᠭᠡᠯᠡᠨ ᠬᠠᠲᠠᠭᠤ ᠬᠡᠷᠡᠭᠰᠡᠯ᠎ᠤᠨ ᠰᠢᠰᠲ᠋ᠧᠮ᠎ᠤᠨ ᠵᠣᠬᠢᠴᠠᠯᠳᠤᠨ ᠰᠢᠯᠢᠳᠡᠭᠵᠢᠭᠦᠯᠬᠦ᠂ ᠨᠢᠰᠦᠯᠲᠡ ᠵᠢᠨ ᠲᠡᠮᠳᠡᠭᠯᠡᠭᠦᠷ᠎ᠢ ᠬᠥᠩᠭᠡᠨ ᠬᠡᠮᠵᠢᠶ᠎ᠡ᠎ᠪᠠᠷ ᠪᠠᠢ᠌ᠴᠠᠭ᠋ᠠᠨ ᠬᠡᠮᠵᠢᠬᠦ ᠪᠠ ᠰᠢᠯᠢᠳᠡᠭᠵᠢᠭᠦᠯᠬᠦ ᠵᠡᠷᠭᠡ ᠳᠥᠷᠪᠡᠨ ᠶᠡᠬᠡ ᠵᠠᠩᠭᠢᠯᠠᠭ᠎ᠠ ᠵᠢᠨ ᠮᠡᠷᠭᠡᠵᠢᠯ᠎ᠳᠤ ᠲᠥᠪᠯᠡᠷᠡᠭᠦᠯᠵᠦ᠂ ᠬᠠᠮᠵᠢᠯᠴᠠᠨ ᠪᠣᠭᠣᠮᠲᠠ ᠰᠢᠪᠲᠤᠯᠬᠤ ᠵᠢ ᠦᠷᠨᠢᠭᠦᠯᠦᠨ᠎ᠡ᠃

       《ᠲᠥᠷᠥᠯ ᠵᠦᠢᠯ᠎ᠢ ᠬᠡᠷᠡᠭᠵᠢᠭᠦᠯᠦᠭᠰᠡᠨ᠎ᠨᠢ ᠪᠦᠯᠦᠭᠯᠡᠯ᠎ᠤᠨ ᠪᠠᠢ᠌ᠷᠢᠯᠠᠭᠤᠯᠤᠭᠰᠠᠨ ᠳᠣᠤᠷ᠎ᠠ ᠠᠭ᠋ᠠᠷ᠎ᠤᠨ ᠠᠵᠤ ᠠᠬᠤᠶ ᠵᠢᠨ ᠤᠷᠤᠯᠳᠤᠭ᠋ᠠᠨ᠎ᠤ ᠵᠠᠮ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠰᠢᠭᠲᠠᠶ ᠪᠠᠢ᠌ᠷᠢ ᠵᠢ ᠵᠠᠪᠳᠤᠨ ᠡᠵᠡᠯᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠤᠷᠳᠤᠰ᠎ᠤᠨ ᠨᠢᠰᠬᠡᠯ᠎ᠤᠨ ᠪᠠᠭᠤᠳᠠᠯ᠎ᠤᠨ ᠪᠦᠯᠦᠭᠯᠡᠯ᠎ᠤᠨ ᠬᠡᠷᠡᠭ ᠮᠡᠳᠡᠭᠴᠢᠳ᠎ᠤᠨ ᠳᠠᠷᠤᠭ᠎ᠠ ᠴᠢᠦᠢ ᠱᠤ᠌ ᠴᠢᠩ᠂ 《ᠬᠠᠮᠤᠭ᠎ᠤᠨ ᠥᠨᠳᠥᠷ ᠪᠠᠷᠢᠮᠵᠢᠶ᠎ᠠ᠂ ᠬᠠᠮᠤᠭ᠎ᠤᠨ ᠴᠢᠩᠭ᠎ᠠ ᠱᠠᠭ᠋ᠠᠷᠳᠠᠯᠭ᠎ᠠ᠂ ᠬᠠᠮᠤᠭ᠎ᠤᠨ ᠪᠣᠳᠠᠲᠠᠢ ᠠᠷᠭ᠎ᠠ ᠬᠡᠮᠵᠢᠢ᠎ᠡ》᠎ᠪᠠᠷ ᠲᠦᠷᠦᠯ ᠵᠦᠢ᠍ᠯ᠎ᠤᠨ ᠪᠦᠬᠦ ᠶᠠᠪᠤᠴᠠ ᠵᠢᠨ ᠬᠠᠮᠢᠶᠠᠷᠤᠯᠲᠠ ᠵᠢ ᠠᠬᠢᠭᠤᠯᠵᠤ᠂ ᠣᠷᠣᠢ᠌ᠯᠠᠭᠰᠠᠨ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠬᠠᠮᠵᠢᠯᠴᠠᠨ ᠪᠣᠭᠣᠮᠲᠠ ᠰᠢᠪᠲᠤᠯᠬᠤ ᠵᠢ ᠠᠬᠢᠭᠤᠯᠵᠤ᠂ ᠴᠢᠨᠠᠷ ᠰᠠᠢ᠌ᠲᠠᠢ ᠮᠡᠷᠭᠡᠵᠢᠯ᠎ᠤᠨ ᠦᠷ᠎ᠡ ᠪᠦᠲᠦᠭᠡᠯ᠎ᠢ ᠡᠷᠲᠡᠬᠡᠨ ᠭᠠᠷᠭ᠋ᠠᠬᠤ᠎ᠪᠠᠷ ᠴᠢᠷᠮᠠᠢ᠌ᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠪᠣᠯᠬᠤ ᠵᠢ ᠪᠡᠶᠡᠯᠡᠭᠦᠯᠵᠦ᠂ ᠥᠪᠥᠷ ᠮᠣᠩᠭᠣᠯ᠎ᠤᠨ ᠳᠣᠣᠷ᠎ᠠ ᠠᠭ᠋ᠠᠷ᠎ᠤᠨ ᠠᠵᠤ ᠠᠬᠤᠢ ᠵᠢᠨ ᠰᠢᠨ᠎ᠡ ᠵᠢ ᠡᠭᠦᠳᠬᠦ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃

ᠢᠷᠡᠯᠲᠡ᠄          
          
ᠬᠠᠮᠢᠶ᠎ᠡ ᠪᠦᠬᠦᠢ ᠰᠣᠨᠢᠨ
 
            