ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠵᠡᠭᠦᠨ ᠬᠣᠢ᠌ᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠵᠢ ᠲᠤᠯᠭ᠋ᠠᠭᠤᠷᠢᠯᠠᠨ ᠬᠥᠲᠥᠯᠥᠨ ᠳᠠᠭ᠋ᠠᠭᠤᠯᠵᠤ ᠰᠢᠨ᠎ᠡ ᠦᠷ᠎ᠡ ᠪᠦᠲᠦᠮᠵᠢ ᠤᠯᠬᠤ ᠵᠢᠨ ᠲᠥᠯᠥᠭᠡ᠂ 8 ᠰᠠᠷ᠎ᠠ ᠵᠢᠨ 20᠎ᠤ ᠡᠳᠦᠷ᠂ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠨ ᠮᠤᠵᠢ ᠨᠢᠭᠡ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠰᠣᠯᠢᠯᠴᠠᠭ᠋ᠠᠨ᠎ᠤ ᠠᠵᠢᠯ᠎ᠤᠨ ᠬᠤᠷᠠᠯ ᠤᠯᠠᠭ᠋ᠠᠨᠬᠠᠳᠠ᠎ᠳᠤ ᠶᠠᠪᠤᠭᠳᠠᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠭᠤᠷᠪᠠᠨ ᠮᠤᠵᠢ ᠨᠢᠭᠡ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠂ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠦᠨ ᠬᠡᠰᠡᠭ᠎ᠤᠨ ᠠᠢ᠌ᠮᠠᠭ ᠬᠤᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶᠠᠨ᠎ᠤ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ᠃

ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠰᠤᠳᠤᠯᠭ᠋ᠠᠨ᠎ᠤ ᠭᠠᠵᠠᠷ᠎ᠤᠨ ᠲᠦᠷᠦ ᠵᠢᠨ ᠪᠤᠳᠤᠯᠭ᠎ᠠ ᠰᠤᠳᠤᠯᠬᠤ ᠲᠠᠰᠤᠭ᠎ᠤᠨ ᠡᠷᠬᠢᠯᠡᠭᠴᠢ ᠶᠠᠩ ᠴᠤᠤ ᠹᠸᠩ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠤᠯᠤᠰ᠎ᠤᠨ ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠰᠡᠳᠬᠢᠴᠡ ᠪᠠ ᠠᠵᠢᠯ᠎ᠤᠨ ᠲᠤᠬᠢᠷᠠᠭᠤᠯᠤᠯᠳᠠ ᠵᠢ ᠲᠠᠨᠢᠯᠴᠠᠭᠤᠯᠤᠭᠰᠠᠨ ᠪᠥᠭᠡᠳ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠵᠡᠷᠭᠡ ᠲᠠᠯ᠎ᠠ᠎ᠪᠠᠷ ᠠᠯᠢ ᠤᠯᠠᠨ ᠰᠠᠨᠠᠭᠤᠯᠭ᠎ᠠ ᠳᠤᠷᠠᠳᠴᠠᠢ ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠯᠢᠶᠣᠤᠨᠢᠩ ᠮᠤᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠬᠢᠷᠢᠨ ᠮᠤᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠬᠠᠷᠠᠮᠥ᠋ᠷᠡᠨ ᠮᠤᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠬᠠᠮᠲᠤ᠎ᠪᠠᠷ 《ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠬᠠᠮᠵᠢᠯᠴᠠᠨ ᠰᠢᠨ᠎ᠡ ᠵᠢ ᠡᠭᠦᠳᠴᠦ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠵᠥᠪᠯᠡᠯᠴᠡᠭᠡᠷ》᠎ᠲᠤ ᠭᠠᠷᠤᠨ ᠦᠰᠦᠭ ᠵᠢᠷᠤᠪᠠ ᠃ ᠵᠥᠪᠯᠡᠯᠴᠡᠭᠡᠷ᠎ᠤᠨ ᠠᠭᠤᠯᠭ᠎ᠠ ᠶᠣᠰᠣᠭ᠋ᠠᠷ᠂ ᠭᠤᠷᠪᠠᠨ ᠮᠤᠵᠢ ᠨᠢᠭᠡ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠯᠠᠭ᠎ᠠ ᠮᠥᠴᠢᠷ᠎ᠤᠨ᠎ᠬᠢᠨ ᠣᠷᠣᠨ ᠪᠠᠢ᠌ᠷᠢ᠂ ᠡᠬᠢ ᠪᠠᠶᠠᠯᠢᠭ᠂ ᠠᠵᠤ ᠦᠢᠯᠡᠰ ᠪᠣᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠠᠭᠤᠯᠢᠭ ᠵᠶ᠋ᠠᠨ ᠭᠦᠢᠴᠡᠳ ᠪᠠᠳᠠᠷᠠᠭᠤᠯᠵᠤ᠂ ᠰᠢᠨ᠎ᠡ ᠵᠢ ᠡᠭᠦᠳᠬᠦ ᠡᠬᠢ ᠪᠠᠶᠠᠯᠢᠭ ᠲᠠᠷᠠᠬᠠᠶ ᠪᠤᠲᠠᠷᠬᠠᠶ᠂ ᠠᠵᠤ ᠦᠢᠯᠡᠰ᠎ᠤᠨ ᠬᠡᠯᠬᠢᠶ᠎ᠡ ᠵᠢᠨ ᠵᠣᠯᠭ᠋ᠠᠯᠴᠠᠭ᠎ᠠ ᠰᠢᠯᠤᠭᠤᠨ ᠪᠤᠰᠤ᠂ ᠰᠢᠨ᠎ᠡ ᠵᠢ ᠡᠭᠦᠳᠬᠦ ᠠᠮᠢ ᠠᠬᠤᠶ ᠵᠢᠨ ᠬᠠᠮᠵᠢᠯᠴᠠᠭ᠎ᠠ ᠬᠦᠷᠦᠯᠴᠡᠬᠦ ᠥᠬᠡᠶ ᠪᠠᠢ᠌ᠬᠤ ᠵᠡᠷᠭᠡ ᠠᠰᠠᠭᠤᠳᠠᠯ᠎ᠢ ᠰᠢᠢᠳᠪᠦᠷᠢᠯᠡᠵᠦ᠂ ᠬᠠᠮᠵᠢᠯᠴᠠᠨ ᠰᠢᠨ᠎ᠡ ᠵᠢ ᠡᠭᠦᠳᠬᠦ ᠲᠣᠭᠲᠠᠴᠠ ᠵᠢ ᠢᠳᠡᠪᠬᠢᠲᠡᠶ ᠪᠠᠢ᠌ᠭᠤᠯᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠪᠠᠨ ᠰᠢᠯᠢᠳᠡᠭᠵᠢᠭᠦᠯᠵᠦ᠂ ᠡᠯ᠎ᠡ ᠲᠥᠷᠥᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠪᠦᠬᠦᠯᠢ ᠴᠣᠭᠴᠠ ᠵᠢᠨ ᠰᠢᠨ᠎ᠡ ᠵᠢ ᠡᠭᠦᠳᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠰᠢᠨ᠎ᠡ ᠴᠢᠨᠠᠷ ᠰᠠᠢ᠌ᠲᠠᠶ ᠦᠢᠯᠡᠳᠪᠦᠷᠢᠯᠡᠯ᠎ᠤᠨ ᠬᠦᠴᠦᠨ᠎ᠢ ᠬᠠᠮᠲᠤ᠎ᠪᠠᠷ ᠪᠣᠢ᠌ᠵᠢᠭᠤᠯᠤᠨ ᠬᠥᠭᠵᠢᠭᠦᠯᠵᠦ᠂ ᠣᠷᠣᠨ ᠪᠦᠰᠡ ᠵᠢᠨ ᠠᠵᠤ ᠦᠢᠯᠡᠰ᠎ᠤᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠪᠠ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠪᠣᠯᠤᠨ᠎ᠠ ᠃
ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠦᠨᠳᠦᠰᠦᠨ ᠬᠠᠮᠲᠤ ᠵᠢᠨ ᠲᠠᠨᠢᠯᠲᠠ ᠵᠢ ᠭᠦᠢ᠍ᠴᠡᠳ ᠰᠤᠳᠤᠯᠤᠨ ᠪᠦᠷᠢᠯᠳᠦᠭᠦᠯᠪᠡ᠂ ᠨᠢᠭᠡ᠎ᠳᠤ᠂ ᠬᠠᠷᠢᠯᠴᠠᠨ ᠢᠲᠡᠭᠡᠯᠴᠡᠭᠰᠡᠨ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠭᠰᠡᠨ᠂ ᠪᠦᠲᠦᠮᠵᠢᠲᠡᠢ ᠵᠣᠯᠭ᠋ᠠᠯᠴᠠᠭᠰᠠᠨ ᠭᠤᠷᠪᠠᠨ ᠮᠤᠵᠢ ᠨᠢᠭᠡ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠵᠤ᠂ ᠲᠤᠰ ᠲᠤᠰ᠎ᠤᠨ ᠳᠠᠪᠠᠭᠤᠯᠢᠭ᠎ᠲᠠᠢ᠎ᠪᠠᠨ ᠤᠶᠠᠯᠳᠤᠭᠤᠯᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠳᠣᠲᠣᠭ᠋ᠠᠳᠤ ᠡᠪᠬᠡᠮᠡᠯ᠎ᠳᠤ ᠣᠷᠣᠬᠤ ᠵᠢ ᠰᠡᠷᠭᠡᠢ᠌ᠯᠡᠵᠦ᠂ ᠤᠯᠤᠰ᠎ᠤᠨ ᠳᠡᠮᠵᠢᠯᠭᠡ ᠵᠢ ᠤᠯᠬᠤ᠎ᠪᠠᠷ ᠴᠢᠷᠮᠠᠢ᠌ᠪᠠ ᠃ ᠬᠣᠶᠠᠷ᠎ᠲᠤ᠂ ᠬᠠᠮᠲᠤᠷᠠᠯᠴᠠᠭ᠋ᠠᠨ᠎ᠤ ᠭᠣᠣᠯᠳᠠᠯᠭ᠎ᠠ ᠵᠢ ᠨᠠᠷᠢᠨ ᠬᠢᠨᠠᠮᠠᠭ᠋ᠠᠢ ᠡᠮᠬᠢᠯᠡᠵᠦ᠂ ᠬᠠᠮᠲᠤᠷᠠᠯᠴᠠᠭ᠋ᠠᠨ᠎ᠤ ᠵᠦᠢ᠍ᠯᠡᠰ᠎ᠤᠨ ᠨᠠᠷᠢᠨ ᠳᠠᠩᠰᠠ ᠵᠢ ᠪᠦᠷᠢᠯᠳᠦᠭᠦᠯᠵᠦ᠂ ᠣᠷᠣᠨ ᠪᠦᠰᠡ ᠵᠢᠨ ᠳᠣᠲᠣᠷᠠᠬᠢ ᠰᠢᠨ᠎ᠡ ᠵᠢ ᠡᠭᠦᠳᠬᠦ ᠡᠯᠧᠮᠧᠨ᠋ᠲ᠎ᠤᠨ ᠰᠢᠯᠵᠢᠯᠲᠡ ᠵᠢ ᠠᠬᠢᠭᠤᠯᠤᠨ᠎ᠠ ᠃ ᠭᠤᠷᠪᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠨᠡᠷᠡᠲᠦ ᠲᠡᠮᠳᠡᠭᠲᠦ ᠵᠢ ᠢᠳᠡᠪᠬᠢᠲᠡᠢ ᠪᠤᠢ ᠪᠣᠯᠭ᠋ᠠᠵᠤ᠂ ᠵᠢᠱ᠌ᠢᠶ᠎ᠡ ᠦᠵᠡᠭᠦᠯᠬᠦ ᠴᠢᠨᠠᠷᠲᠠᠢ ᠬᠠᠮᠲᠤᠷᠠᠯᠴᠠᠭ᠎ᠠ ᠵᠢ ᠥᠷᠨᠢᠭᠦᠯᠦᠨ᠂ ᠤᠯᠤᠰ᠎ᠤᠨ ᠣᠷᠣᠨ ᠪᠦᠰᠡ ᠵᠢᠨ ᠬᠥᠭᠵᠢᠯᠲᠡ ᠵᠢᠨ ᠪᠠᠢ᠌ᠯᠳᠤᠬᠤ ᠪᠤᠳᠤᠯᠭ᠎ᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠦᠯᠢᠭᠡᠷ ᠳᠠᠭᠤᠷᠢᠶᠠᠯ ᠪᠣᠯᠤᠨ᠎ᠠ ᠃ ᠳᠥᠷᠪᠡ᠎ᠳᠤ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ ᠥᠷᠨᠢᠭᠦᠯᠬᠦ ᠵᠢ ᠬᠠᠮᠲᠤ᠎ᠪᠠᠷ ᠳᠡᠮᠵᠢᠵᠦ᠂ ᠵᠡᠭᠦᠨ ᠭᠤᠷᠪᠠᠨ ᠮᠤᠵᠢ ᠵᠢᠨ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠥᠪᠥᠷ ᠮᠣᠩᠭᠣᠯ᠎ᠯᠤᠭ᠎ᠠ ᠬᠠᠮᠲᠤᠷᠠᠨ ᠪᠣᠭᠣᠮᠲᠠ ᠰᠢᠪᠲᠤᠯᠬᠤ ᠵᠢ ᠢᠳᠡᠪᠬᠢᠲᠡᠶ ᠵᠣᠷᠢᠭᠵᠢᠭᠤᠯᠤᠨ᠎ᠠ ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠧᠨ ᠲᠤᠤ ᠢᠯᠡᠳᠬᠡᠪᠡ᠂ ᠭᠤᠷᠪᠠᠨ ᠮᠤᠵᠢ ᠨᠢᠭᠡ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠯᠠᠭ᠎ᠠ ᠮᠥᠴᠢᠷ᠎ᠤᠨ᠎ᠬᠢᠨ ᠣᠷᠣᠨ ᠪᠦᠰᠡ ᠵᠢᠨ ᠬᠠᠮᠵᠢᠯᠴᠠᠭ᠎ᠠ᠎ᠪᠠᠨ ᠭᠦᠨᠵᠡᠭᠡᠢ᠌ᠷᠡᠭᠦᠯᠬᠦ ᠵᠢ ᠬᠦᠰᠡᠵᠦ ᠪᠠᠢ᠌ᠨ᠎ᠠ᠂ 《ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ》᠎ᠢ ᠪᠣᠳᠠᠲᠠᠢ ᠨᠠᠷᠢᠯᠢᠭ ᠨᠠᠢ᠌ᠳᠠᠪᠤᠷᠢᠵᠢᠭᠤᠯᠬᠤ ᠵᠢ ᠪᠣᠳᠠᠲᠠᠢ ᠠᠬᠢᠭᠤᠯᠤᠨ᠎ᠠ᠂ ᠣᠷᠣᠨ ᠪᠦᠰᠡ ᠵᠢᠨ ᠰᠢᠨ᠎ᠡ ᠵᠢ ᠡᠭᠦᠳᠬᠦ ᠰᠢᠰᠲ᠋ᠧᠮ᠎ᠤᠨ ᠪᠠᠢ᠌ᠭᠤᠯᠤᠯᠲᠠ ᠵᠢ ᠬᠦᠴᠦ᠎ᠪᠠᠨ ᠬᠠᠮᠲᠤᠳᠬᠠᠨ ᠲᠦᠯᠬᠢᠨ ᠠᠬᠢᠭᠤᠯᠤᠨ᠎ᠠ᠂ ᠭᠤᠷᠪᠠᠨ ᠮᠤᠵᠢ ᠨᠢᠭᠡ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠪᠠᠢ᠌ᠯᠳᠤᠬᠤ ᠪᠤᠳᠤᠯᠭ᠎ᠠ ᠵᠢᠨ ᠬᠣᠯᠪᠣᠭ᠋ᠠᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠂ ᠦᠷ᠎ᠡ ᠪᠦᠲᠦᠭᠡᠯ᠎ᠢ ᠤᠯᠠᠷᠢᠭᠤᠯᠬᠤ ᠲᠥᠷᠥ ᠵᠢᠨ ᠪᠣᠳᠣᠯᠭ᠎ᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠂ ᠬᠠᠮᠲᠤᠷᠠᠭᠰᠠᠨ ᠲᠤᠰᠬᠠᠶ ᠵᠦᠢᠯ᠎ᠢ ᠬᠡᠷᠡᠭᠵᠢᠭᠦᠯᠬᠦ᠂ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠬᠤ᠂ ᠰᠢᠨ᠎ᠡ ᠵᠢ ᠡᠭᠦᠳᠬᠦ ᠲᠠᠪᠴᠠᠩ᠎ᠢ ᠪᠠᠢ᠌ᠭᠤᠯᠤᠨ᠎ᠠ᠂ ᠴᠢᠳᠠᠪᠤᠷᠢᠲᠠᠨ᠎ᠤ ᠬᠣᠣᠰ ᠴᠢᠭᠯᠡᠯ ᠵᠶ᠋ᠡᠷ ᠰᠢᠯᠵᠢᠬᠦ ᠪᠠ ᠬᠣᠯᠪᠣᠭ᠋ᠠᠯᠠᠨ ᠬᠥᠮᠦᠵᠢᠭᠦᠯᠬᠦ ᠵᠢ ᠠᠬᠢᠭᠤᠯᠤᠨ᠎ᠠ᠂ ᠵᠠᠩᠭᠢᠯᠠᠭ᠎ᠠ ᠵᠢᠨ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠪᠠ ᠦᠷ᠎ᠡ ᠪᠦᠲᠦᠭᠡᠯ᠎ᠢ ᠬᠤᠪᠢᠷᠠᠭᠤᠯᠬᠤ ᠵᠢ ᠲᠦᠷᠭᠡᠳᠬᠡᠨ᠎ᠡ᠂ ᠰᠢᠨ᠎ᠡ ᠵᠢ ᠡᠭᠦᠳᠬᠦ ᠬᠡᠯᠬᠢᠶ᠎ᠡ ᠵᠢ ᠠᠬᠢᠭᠤᠯᠤᠨ᠎ᠠ᠂ ᠠᠵᠤ ᠦᠢ᠍ᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ ᠵᠢᠨ ᠭᠦᠨᠵᠡᠭᠡᠶ ᠠᠭᠤᠰᠤᠯᠴᠠᠯ᠂ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ ᠬᠠᠮᠵᠢᠯᠴᠠᠨ ᠰᠢᠨ᠎ᠡ ᠵᠢ ᠡᠭᠦᠳᠬᠦ ᠵᠢ ᠤᠯᠤᠰ᠎ᠤᠨ 《105》 ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠯᠥᠪᠵᠢᠭᠦᠯᠭᠡ ᠵᠢᠴᠢ ᠤᠯᠤᠰ᠎ᠤᠨ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠳᠤ ᠣᠷᠣᠭᠤᠯᠬᠤ᠎ᠪᠠᠷ ᠴᠢᠷᠮᠠᠢ᠌ᠬᠤ ᠬᠡᠷᠡᠭᠲᠡᠶ᠂ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠵᠢᠨ ᠲᠥᠯᠥᠭᠡ᠂ ᠤᠯᠤᠰ᠎ᠤᠨ ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠨᠡᠩ ᠶᠡᠬᠡ ᠬᠤᠪᠢ ᠨᠡᠮᠡᠷᠢ ᠦᠵᠡᠭᠦᠯᠪᠡ ᠃

ᠬᠤᠷᠠᠯ᠎ᠤᠨ ᠬᠤᠭᠤᠴᠠᠭ᠋ᠠᠨ᠎ᠳᠤ᠂ ᠬᠤᠷᠠᠯ᠎ᠳᠤ ᠣᠷᠣᠯᠴᠠᠭᠰᠠᠳ ᠤᠷᠢᠳ ᠬᠣᠵᠢᠳ ᠶᠤᠸᠠᠨ ᠵᠢᠩ ᠲᠡᠭ ᠨᠡᠭᠦᠷᠡᠰᠦᠲᠥ᠋ᠷᠥᠭᠴᠢ ᠵᠢᠨ ᠮᠡᠷᠭᠡᠵᠢᠯ᠎ᠤᠨ (ᠤᠯᠠᠭ᠋ᠠᠨᠬᠠᠳᠠ) ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠮᠧᠶ ᠵᠢᠶᠧ ᠰᠢᠨ᠎ᠡ ᠡᠨᠧᠷᠭᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠲᠡᠭ ᠨᠡᠭᠦᠷᠡᠰᠦᠲᠥ᠋ᠷᠥᠭᠴᠢ ᠵᠢᠨ ᠦᠢᠯᠡᠳᠪᠦᠷᠢ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ᠂ ᠤᠯᠠᠭ᠋ᠠᠨᠬᠠᠳᠠ ᠵᠢᠨ ᠲᠢᠶᠠᠨ ᠴᠢ ᠳᠤᠮᠳᠠᠳᠤ ᠮᠣᠩᠭᠣᠯ᠎ᠤᠨ ᠡᠮ ᠦᠢᠯᠡᠳᠬᠦ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠤᠯᠠᠭ᠋ᠠᠨᠬᠠᠳᠠ ᠵᠢᠨ ᠳ᠋ᠦᠩ ᠯᠢ ᠢᠮᠠᠭ᠋ᠠᠨ ᠨᠣᠯᠤᠤᠷ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠪᠠ ᠃