ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠤᠭᠤᠮᠲᠠ ᠰᠢᠪᠲᠤᠯᠬᠤ》ᠢᠨᠵᠧᠨᠧᠷᠢᠩ᠎ᠤᠨ ᠠᠭᠤᠷᠬᠠᠶ ᠡᠷᠢᠬᠦ ᠣᠶᠤᠨᠴᠢ ᠲᠥᠷᠥᠯ ᠵᠦᠢᠯ᠎ᠢ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-08-18

     8 ᠳ᠋ᠤᠭ᠋ᠠᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠤᠭᠤᠮᠲᠠ ᠰᠢᠪᠲᠤᠯᠬᠤ》ᠢᠨᠵᠧᠨᠧᠷᠢᠩ᠎ᠤᠨ 《ᠵᠣᠬᠢᠶᠠᠮᠠᠯ ᠣᠶᠤᠨ ᠴᠢᠳᠠᠪᠤᠷᠢ +》ᠲᠤᠰᠬᠠᠶ ᠲᠥᠷᠥᠯ ᠵᠦᠢᠯ ᠪᠣᠯᠬᠤ 《ᠲᠣᠮᠣ ᠳ᠋ᠠᠢ᠌ᠲ᠋ᠠ᠎ᠪᠠᠷ ᠬᠥᠳᠡᠯᠭᠡᠭᠦᠷ ᠪᠣᠯᠭ᠋ᠠᠭᠰᠠᠨ ᠣᠶᠤᠨᠴᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠲᠥᠰᠦᠭᠡᠯᠡᠬᠦ ᠵᠠᠩᠭᠢᠯᠠᠭ᠎ᠠ ᠵᠢᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠵᠢᠱ᠌ᠢᠶ᠎ᠡ ᠦᠵᠡᠭᠦᠯᠦᠨ ᠬᠡᠷᠡᠭᠯᠡᠬᠦ》 ᠠᠵᠢᠯ ᠬᠥᠬᠡᠬᠣᠲᠠ᠎ᠳᠤ ᠡᠬᠢᠯᠡᠪᠡ᠃ ᠲᠤᠰ ᠲᠦᠷᠦᠯ ᠵᠦᠢ᠍ᠯ᠎ᠢ ᠡᠬᠢᠯᠡᠭᠦᠯᠦᠭᠰᠡᠨ᠎ᠨᠢ᠂ ᠥᠪᠥᠷ ᠮᠣᠩᠭᠣᠯ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠠᠭᠤᠷᠬᠠᠢ ᠵᠢᠨ ᠡᠬᠢ ᠪᠠᠶᠠᠯᠢᠭ᠎ᠤᠨ ᠪᠠᠲᠤᠯᠠᠭ᠎ᠠ ᠵᠢᠨ ᠬᠦᠷᠢᠶᠡᠨ᠎ᠳᠤ 《ᠲᠤᠷᠰᠢᠯᠭ᠎ᠠ᠎ᠪᠠᠷ ᠬᠥᠳᠡᠯᠭᠡᠭᠦᠷ ᠪᠣᠯᠭ᠋ᠠᠬᠤ》᠎ᠠᠴᠠ 《ᠣᠶᠤᠨᠴᠢ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ》 ᠳᠠᠪᠠᠯᠲᠠ᠎ᠲᠠᠢ ᠪᠣᠯᠬᠤ ᠵᠠᠩᠭᠢᠯᠠᠭ᠎ᠠ ᠵᠢᠨ ᠠᠯᠬᠤᠮ᠎ᠢ ᠠᠯᠬᠤᠭᠰᠠᠨ᠎ᠢ ᠬᠠᠷᠠᠭᠤᠯᠵᠤ᠂ ᠥᠪᠥᠷ ᠮᠣᠩᠭᠣᠯ᠎ᠤᠨ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠠᠢ᠌ᠭᠤᠯᠬᠤ᠎ᠳᠤ ᠴᠢᠩᠭ᠎ᠠ ᠬᠦᠴᠦᠲᠡᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠪᠣᠯᠤᠨ᠎ᠠ ᠃

     《ᠲᠣᠮᠣ ᠳ᠋ᠠᠢ᠌ᠲ᠋ᠠ᠎ᠪᠠᠷ ᠬᠥᠳᠡᠯᠭᠡᠭᠦᠷ ᠪᠣᠯᠭ᠋ᠠᠭᠰᠠᠨ ᠣᠶᠤᠨᠴᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠲᠥᠰᠦᠭᠡᠯᠡᠬᠦ ᠵᠠᠩᠭᠢᠯᠠᠭ᠎ᠠ ᠵᠢᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠵᠢᠱ᠌ᠢᠶ᠎ᠡ ᠦᠵᠡᠭᠦᠯᠦᠨ ᠬᠡᠷᠡᠭᠯᠡᠬᠦ》 ᠲᠥᠷᠥᠯ ᠵᠦᠢᠯ᠎ᠢ ᠥᠪᠥᠷ ᠮᠣᠩᠭᠣᠯ᠎ᠤᠨ ᠭᠠᠵᠠᠷ ᠰᠢᠨᠵᠢᠯᠡᠭᠡ ᠠᠭᠤᠷᠬᠠᠶ ᠵᠢᠨ ᠭᠠᠷᠤᠯᠲᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠲᠦᠷᠦᠭᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠪᠠᠢ᠌ᠴᠠᠭ᠋ᠠᠨ ᠰᠤᠳᠤᠯᠬᠤ ᠬᠦᠷᠢᠶᠡᠯᠡᠩ᠂ ᠰᠢᠶᠠᠩᠭ᠋ᠠᠩ᠎ᠤᠨ ᠬᠢᠲᠠᠳ ᠬᠡᠯᠡᠨ᠎ᠤ ᠶᠡᠬᠡ ᠰᠤᠷᠭ᠋ᠠᠭᠤᠯᠢ (ᠱᠧᠨᠵᠧᠨ) ᠵᠡᠷᠭᠡ 5 ᠨᠢᠭᠡᠴᠡ᠎ᠲᠠᠢ ᠬᠠᠮᠲᠤᠷᠠᠨ ᠬᠠᠮᠲᠤᠪᠠᠷ ᠬᠡᠷᠡᠭᠵᠢᠭᠦᠯᠦᠨ᠎ᠡ ᠃ ᠲᠥᠷᠥᠯ ᠵᠦᠢᠯ᠎ᠨᠢ ᠵᠡᠰ᠂ ᠬᠠᠷ᠎ᠠ ᠲᠤᠭᠤᠯᠭ᠎ᠠ᠂ ᠴᠠᠢ᠌ᠷ᠂ ᠯᠢᠲ᠋ᠢ ᠵᠡᠷᠭᠡ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠢ᠌ᠨ ᠪᠠᠢ᠌ᠴᠠᠭ᠋ᠠᠬᠤ ᠬᠡᠷᠡᠭᠴᠡᠭᠡ ᠱᠠᠭ᠋ᠠᠷᠳᠠᠯᠭ᠎ᠠ ᠵᠢ ᠣᠨᠢᠯᠠᠵᠤ᠂ 《ᠲᠣᠭ᠎ᠠ ᠪᠠᠷᠢᠮᠲᠠ᠎ᠪᠠᠷ ᠬᠥᠳᠡᠯᠭᠡᠭᠦᠷ ᠪᠣᠯᠭ᠋ᠠᠬᠤ + ᠮᠡᠳᠡᠯᠭᠡ᠎ᠪᠠᠷ ᠬᠥᠳᠡᠯᠭᠡᠭᠦᠷ ᠪᠣᠯᠭ᠋ᠠᠬᠤ》 ᠬᠣᠤᠰ ᠬᠦᠷᠳᠦᠲᠦ ᠬᠥᠳᠡᠯᠭᠡᠭᠦᠷ᠎ᠤᠨ ᠮᠡᠷᠭᠡᠵᠢᠯ᠎ᠤᠨ ᠰᠢᠰᠲ᠋ᠧᠮᠵᠢ ᠵᠢ ᠰᠢᠨ᠎ᠡ ᠵᠢ ᠡᠭᠦᠳᠦᠨ ᠪᠠᠢ᠌ᠭᠤᠯᠵᠤ᠂ ᠵᠠᠭᠤᠨ ᠳ᠋ᠦᠩᠰᠢᠭᠤᠷ ᠫᠠᠷᠠᠮᠧᠲᠷ᠎ᠤᠨ ᠲᠠᠰ᠎ᠤᠨ ᠣᠯᠠᠨ ᠵᠠᠭᠪᠤᠷ᠎ᠤᠨ ᠵᠠᠭᠪᠤᠷ᠎ᠢ ᠰᠤᠳᠤᠯᠤᠨ ᠨᠡᠭᠡᠭᠡᠵᠦ᠂ ᠣᠶᠤᠨᠴᠢᠯᠠᠭᠰᠠᠨ ᠲᠥᠰᠦᠭᠡᠯᠡᠯ᠎ᠤᠨ ᠲᠠᠪᠴᠠᠩ᠎ᠢ ᠪᠠᠢ᠌ᠭᠤᠯᠤᠨ᠂ ᠶᠡᠬᠡ ᠬᠢᠩᠭ᠋ᠠᠨ ᠳᠠᠪᠠᠭ᠎ᠠ ᠵᠢᠨ ᠳᠤᠮᠳᠠ ᠡᠮᠦᠨᠡᠲᠦ ᠬᠡᠰᠡᠭ ᠵᠡᠷᠭᠡ ᠣᠷᠣᠨ ᠪᠦᠰᠡ ᠵᠢᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠲᠥᠷᠥᠯ᠎ᠳᠤ ᠵᠢᠱ᠌ᠢᠶ᠎ᠡ ᠦᠵᠡᠭᠦᠯᠦᠨ ᠬᠡᠷᠡᠭᠯᠡᠬᠦ ᠵᠢ ᠤᠷᠢᠳᠠᠪᠠᠷ ᠥᠷᠨᠢᠭᠦᠯᠦᠨ᠎ᠡ ᠃ ᠲᠣᠰ ᠲᠥᠷᠥᠯ ᠵᠦᠢᠯ᠎ᠢ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠮᠠᠤ ᠵᠢᠩ ᠸᠸᠨ ᠠᠺᠠᠳᠧᠮᠢᠴᠢ ᠲᠦᠷᠦᠭᠦᠦ ᠰᠢᠨᠵᠢᠯᠡᠬᠦ ᠤᠬᠠᠭ᠋ᠠᠨᠲᠠᠨ ᠪᠣᠯᠵᠣ᠂ ᠰᠢᠶᠤᠤ ᠺᠧ ᠶᠠᠨ᠎ᠤ ᠠᠺᠠᠳᠧᠮᠢᠴᠢ ᠵᠢᠨ ᠪᠦᠯᠬᠦᠮ᠎ᠤᠨ ᠰᠤᠳᠤᠯᠤᠨ ᠨᠡᠭᠡᠭᠡᠭᠰᠡᠨ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ AI ᠠᠭᠤᠷᠬᠠᠶ ᠡᠷᠢᠬᠦ ᠵᠥᠭᠡᠯᠡᠨ ᠲᠣᠨᠣᠭ᠎ᠤᠨ ᠰᠢᠰᠲ᠋ᠧᠮ᠎ᠳᠤ ᠠᠵᠢᠯᠯᠠᠭᠤᠯᠵᠤ᠂ ᠡᠭᠦᠨ᠎ᠤ ᠳᠡᠭᠡᠷ᠎ᠡ ᠶᠡᠬᠡ ᠬᠡᠮᠵᠢᠶᠡᠨ᠎ᠤ ᠭᠠᠵᠠᠷ ᠰᠢᠨᠵᠢᠯᠡᠭᠡᠨ᠎ᠤ ᠲᠣᠭ᠎ᠠ ᠪᠠᠷᠢᠮᠲᠠ᠎ᠪᠠᠷ ᠲᠤᠯᠭ᠋ᠠᠭᠤᠷᠢᠯᠠᠯ ᠪᠣᠯᠭ᠋ᠠᠭᠰᠠᠨ ᠪᠠᠢ᠌ᠨ᠎ᠠ᠂ ᠡᠨᠡ ᠭᠤᠷᠪᠠᠨ ᠶᠡᠬᠡ ᠳᠠᠪᠠᠭᠤᠯᠢᠭ᠎ᠨᠢ ᠥᠪᠥᠷ ᠮᠣᠩᠭᠣᠯ᠎ᠤᠨ ᠠᠭᠤᠷᠬᠠᠶ ᠡᠷᠢᠬᠦ ᠬᠠᠢ᠌ᠨ ᠪᠠᠢ᠌ᠴᠠᠭ᠋ᠠᠬᠤ ᠠᠵᠢᠯ᠎ᠤᠨ ᠰᠢᠨ᠎ᠡ ᠰᠢᠪᠲᠤᠯᠤᠯᠲᠠ ᠪᠠ ᠴᠢᠬᠤᠯᠠ ᠶᠡᠬᠡ ᠠᠬᠢᠴᠠ᠎ᠲᠠᠢ ᠪᠣᠯᠬᠤ ᠵᠢ ᠠᠬᠢᠭᠤᠯᠵᠤ᠂ ᠥᠪᠥᠷ ᠮᠣᠩᠭᠣᠯ ᠴᠢᠨᠠᠭᠰᠢᠯᠠᠪᠠᠯ ᠪᠥᠬᠥ ᠤᠯᠤᠰ᠎ᠤᠨ ᠠᠭᠤᠷᠬᠠᠶ ᠡᠷᠢᠬᠦ ᠰᠢᠪᠲᠤᠯᠤᠯᠲᠠ᠎ᠳᠤ ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠬᠦ ᠦᠢᠯᠡᠳᠦᠯ ᠦᠵᠡᠭᠦᠯᠬᠦ ᠪᠣᠯᠤᠨ᠎ᠠ ᠃

    ᠲᠠᠷᠠᠭ᠋ᠠᠴᠢ ᠵᠢᠨ ᠠᠯᠬᠤᠮ᠎ᠳᠤ᠂ ᠲᠣᠰ ᠲᠥᠷᠥᠯ ᠵᠦᠢᠯ᠎ᠨᠢ ᠤᠯᠤᠰ᠎ᠤᠨ ᠰᠢᠨ᠎ᠡ ᠨᠢᠭᠡ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢᠨ ᠪᠠᠢ᠌ᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠨᠠᠢ᠌ᠳᠠᠪᠤᠷᠢᠵᠢᠭᠤᠯᠬᠤ᠎ᠲᠠᠢ ᠨᠢᠭᠲᠠ ᠤᠶᠠᠯᠳᠤᠭᠤᠯᠤᠨ᠂ ᠣᠶᠤᠨᠴᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠤᠷᠢᠳᠴᠢᠯᠠᠨ ᠵᠢᠱ᠌ᠢᠬᠦ ᠰᠢᠰᠲ᠋ᠧᠮ᠎ᠢ ᠪᠠᠢ᠌ᠭᠤᠯᠵᠤ᠂ ᠥᠪᠥᠷ ᠮᠣᠩᠭᠣᠯ᠎ᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠢ᠌ᠨ ᠰᠢᠨᠵᠢᠬᠦ ᠪᠠ ᠨᠡᠭᠡᠭᠡᠨ ᠮᠠᠯᠲᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠣᠷᠴᠢᠨ ᠲᠣᠭᠣᠷᠢᠨ᠎ᠢ ᠡᠪᠳᠡᠬᠦ ᠪᠠ ᠡᠬᠢ ᠪᠠᠶᠠᠯᠢᠭ᠎ᠢ ᠪᠦᠷᠢᠯᠭᠡᠬᠦ ᠵᠢ ᠪᠠᠭᠤᠷᠠᠭᠤᠯᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠢ᠌ᠨ ᠪᠠᠢ᠌ᠴᠠᠭ᠋ᠠᠵᠤ ᠨᠡᠭᠡᠭᠡᠨ ᠠᠰᠢᠭᠯᠠᠬᠤ ᠪᠠ ᠭᠠᠵᠠᠷ ᠰᠢᠨᠵᠢᠯᠡᠭᠡᠨ᠎ᠤ ᠬᠠᠢ᠌ᠨ ᠪᠠᠢ᠌ᠴᠠᠭ᠋ᠠᠬᠤ ᠠᠵᠢᠯ ᠲᠥᠷᠥᠯ᠎ᠤᠨ ᠲᠣᠭ᠋ᠠᠴᠢᠯᠠᠭᠰᠠᠨ ᠬᠡᠯᠪᠡᠷᠢ᠎ᠪᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠨ᠎ᠡ᠃

ᠢᠷᠡᠯᠲᠡ᠄          
          
ᠬᠠᠮᠢᠶ᠎ᠡ ᠪᠦᠬᠦᠢ ᠰᠣᠨᠢᠨ
 
            