ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠳᠡᠮᠵᠢᠯᠭᠡ ᠳᠣᠤᠷ᠎ᠠ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ᠂ ᠴᠠᠭ ᠠᠭᠤᠷ᠎ᠤᠨ ᠲᠣᠪᠴᠢᠶ᠎ᠠ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ 2025 ᠣᠨ᠎ᠤ《ᠪᠥᠬᠥ ᠠᠷᠠᠳ ᠵᠶ᠋ᠠᠷ ᠵᠶ᠋ᠠᠨ ᠣᠷᠣᠯᠴᠠᠬᠤ᠂ ᠰᠢᠨᠵᠢᠯᠡᠬᠦ ᠤᠬᠠᠭ᠋ᠠᠨᠴᠢ᠎ᠪᠠᠷ ᠦᠶᠡᠷ᠎ᠢ ᠰᠡᠷᠭᠡᠢ᠌ᠯᠡᠬᠦ》 ᠦᠶᠡᠷ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ 400 ᠭᠠᠷᠤᠶ ᠬᠥᠮᠦᠨ ᠣᠷᠣᠯᠴᠠᠪᠠ᠃ ᠠᠵᠢᠯᠯᠠᠭ᠎ᠠ ᠵᠢᠨ ᠳᠤᠮᠳᠠ᠂ ᠡᠯ᠎ᠡ ᠰᠠᠯᠠᠭ᠎ᠠ ᠮᠥᠴᠢᠷ᠎ᠤᠨ᠎ᠬᠢᠨ ᠴᠢᠨᠠᠷ ᠰᠠᠢ᠌ᠲᠠᠶ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠣᠨᠣᠪᠴᠢᠲᠠᠶ ᠵᠣᠯᠭ᠋ᠠᠭᠤᠯᠵᠤ᠂《ᠣᠯᠠᠨ ᠰᠢᠨᠵᠢᠯᠡᠭᠡᠨ᠎ᠤ ᠰᠠᠯᠠᠭ᠎ᠠ ᠬᠣᠯᠪᠣᠭ᠋ᠠᠯᠠᠨ ᠬᠥᠳᠡᠯᠦᠯᠴᠡᠵᠦ᠂ ᠣᠯᠠᠨ ᠭᠣᠭᠴᠣᠭ᠎ᠠ ᠵᠢ ᠪᠦᠷᠬᠦᠭᠦᠯᠬᠦ》ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠢᠯᠡᠴᠢᠯᠡᠭᠡᠨ᠎ᠤ ᠵᠠᠭᠪᠤᠷ᠎ᠢ ᠪᠦᠷᠢᠯᠳᠦᠭᠦᠯᠵᠦ᠂ ᠣᠯᠠᠨ ᠨᠡᠢ᠌ᠲᠡ᠎ᠳᠤ ᠦᠶᠡᠷ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠡᠳᠡᠯᠭᠡ ᠵᠢ ᠳᠠᠮᠵᠢᠭᠤᠯᠵᠤ᠂ ᠪᠥᠬᠥ ᠠᠷᠠᠳ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠤᠬᠠᠮᠰᠠᠷ ᠪᠣᠯᠤᠨ ᠥᠪᠡᠷ᠎ᠢ᠎ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠪᠡ᠃

ᠲᠣᠰ ᠤᠳᠠᠭ᠋ᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠯᠠᠭ᠎ᠠ᠎ᠨᠢ ᠦᠶᠡᠷ᠎ᠤᠨ ᠬᠤᠭᠤᠴᠠᠭ᠋ᠠᠨ᠎ᠤ ᠠᠮᠤᠷ ᠲᠦᠪᠰᠢᠨ᠎ᠤ ᠰᠡᠷᠭᠡᠢ᠌ᠯᠡᠯᠲᠡ ᠬᠠᠮᠠᠭ᠋ᠠᠯᠠᠯᠲᠠ᠂ ᠲᠠᠷᠢᠶᠠᠯᠠᠩ ᠮᠠᠯ ᠠᠵᠤ ᠠᠬᠤᠶ ᠵᠢᠨ ᠭᠠᠮᠰᠢᠭ᠎ᠤᠨ ᠳᠠᠷᠠᠭ᠋ᠠᠬᠢ ᠦᠢᠯᠡᠳᠪᠦᠷᠢᠯᠡᠯ᠎ᠢ ᠰᠡᠷᠭᠦᠭᠡᠬᠦ ᠭᠣᠤᠯ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ᠂ ᠲᠠᠷᠢᠶᠠᠯᠠᠩ ᠮᠠᠯ ᠠᠵᠤ ᠠᠬᠤᠶ᠂ ᠴᠠᠭ ᠠᠭᠤᠷ᠂ ᠡᠮᠨᠡᠯᠭᠡ ᠵᠢᠨ ᠬᠣᠷᠢᠶ᠎ᠠ ᠵᠡᠷᠭᠡ ᠣᠯᠠᠨ ᠬᠦᠷᠢᠶᠡᠨ᠎ᠤ ᠲᠤᠰᠬᠠᠶ ᠮᠡᠷᠭᠡᠵᠢᠯᠲᠡᠨ᠎ᠢ ᠣᠨᠴᠠ ᠤᠷᠢᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠲᠠᠢ ᠬᠠᠮᠲᠤ᠎ᠪᠠᠷ ᠭᠠᠮᠰᠢᠭ᠎ᠠᠴᠠ ᠠᠪᠤᠷᠠᠵᠤ ᠦᠢᠯᠡᠳᠪᠦᠷᠢᠯᠡᠯ ᠵᠶ᠋ᠡᠨ ᠰᠡᠷᠭᠦᠭᠡᠬᠦ ᠦᠢᠯᠡᠴᠢᠯᠡᠭᠡᠨ᠎ᠤ ᠪᠦᠯᠬᠦᠮ᠎ᠢ ᠵᠣᠬᠢᠶᠠᠨ ᠪᠠᠢ᠌ᠭᠤᠯᠵᠤ᠂ ᠦᠶᠡᠷ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠡᠳᠡᠯᠭᠡ ᠵᠢ ᠤᠬᠠᠭᠤᠯᠤᠨ ᠲᠠᠢ᠌ᠯᠪᠤᠷᠢᠯᠠᠬᠤ ᠵᠢᠨ ᠬᠠᠮᠲᠤ᠂ ᠲᠠᠷᠢᠮᠠᠯ᠎ᠤᠨ ᠭᠠᠮᠰᠢᠭ᠎ᠤᠨ ᠳᠠᠷᠠᠭ᠋ᠠᠬᠢ ᠦᠢᠯᠡᠳᠪᠦᠷᠢᠯᠡᠯ ᠵᠶ᠋ᠡᠨ ᠰᠡᠷᠭᠦᠭᠡᠬᠦ ᠲᠤᠬᠠᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢᠯᠡᠴᠢᠯᠡᠭᠡᠨ᠎ᠤ ᠠᠵᠢᠯ ᠥᠷᠨᠢᠭᠦᠯᠪᠡ᠃

ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠳᠤ ᠦᠷᠭᠦᠯᠵᠢᠯᠡᠨ ᠴᠢᠳᠠᠪᠤᠷᠢ ᠣᠯᠭᠣᠭᠰᠠᠨ ᠪᠠᠢ᠌ᠳᠠᠯ ᠳᠣᠤᠷ᠎ᠠ᠂ ᠪᠤᠭᠤᠲᠤ ᠬᠣᠲᠠ ᠵᠢᠨ ᠦᠶᠡᠷ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ᠎ᠨᠢ ᠣᠯᠠᠨ ᠨᠡᠢ᠌ᠲᠡ ᠵᠢᠨ ᠭᠡᠨᠡᠳᠲᠡ ᠵᠢᠨ ᠭᠠᠮᠰᠢᠭ᠎ᠤᠨ ᠡᠮᠦᠨ᠎ᠡ ᠠᠶᠤᠯ᠎ᠠᠴᠠ ᠵᠠᠢ᠌ᠯᠠᠵᠤ ᠥᠪᠡᠷ᠎ᠢ᠎ᠪᠠᠨ ᠠᠪᠤᠷᠬᠠᠤ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠵᠦ᠂ ᠭᠠᠮᠰᠢᠭ᠎ᠤᠨ ᠳᠠᠷᠠᠭ᠋ᠠᠬᠢ ᠲᠠᠷᠢᠶᠠᠯᠠᠩ ᠮᠠᠯ ᠠᠵᠤ ᠠᠬᠤᠶ ᠵᠢᠨ ᠦᠢᠯᠡᠳᠪᠦᠷᠢᠯᠡᠯ᠎ᠤᠨ ᠲᠦᠷᠭᠡᠨ ᠰᠡᠷᠭᠦᠬᠦ᠎ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠪᠠᠭᠤᠯᠭ᠋ᠠᠬᠤ ᠵᠢ ᠨᠠᠩ ᠬᠦᠴᠦᠲᠡᠶ ᠠᠬᠢᠭᠤᠯᠵᠤ᠂ 《ᠪᠥᠬᠥ ᠠᠷᠠᠳ ᠵᠶ᠋ᠠᠷ ᠵᠶ᠋ᠠᠨ ᠣᠷᠣᠯᠴᠠᠬᠤ᠂ ᠰᠢᠨᠵᠢᠯᠡᠬᠦ ᠤᠬᠠᠭ᠋ᠠᠨᠴᠢ᠎ᠪᠠᠷ ᠭᠠᠮᠰᠢᠭ᠎ᠢ ᠰᠡᠷᠭᠡᠢ᠌ᠯᠡᠬᠦ》ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠪᠠ᠃

《ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠥᠷᠥᠯ ᠵᠦᠢᠯ᠎ᠨᠢ ᠨᠠᠩ ᠨᠠᠷᠢᠯᠢᠭ ᠣᠨᠣᠪᠴᠢᠲᠠᠶ᠂ ᠨᠠᠩ ᠥᠨᠳᠥᠷ ᠪᠦᠲᠦᠮᠵᠢᠲᠡᠶ᠂ ᠬᠡᠷᠡᠭᠴᠡᠭᠡ᠎ᠳᠤ ᠨᠠᠩ ᠣᠢ᠌ᠷᠠᠲᠤᠵᠤ᠂ ᠦᠨᠳᠦᠰᠦᠨ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠦᠢᠯᠡᠴᠢᠯᠡᠭᠡ ᠵᠢᠨ ᠰᠢᠨ᠎ᠡ ᠵᠢ ᠡᠭᠦᠳᠬᠦ᠎ᠳᠤ ᠬᠦᠴᠦᠨ ᠨᠡᠮᠡᠷᠢᠯᠡᠵᠦ᠂ ᠬᠠᠮᠤᠷᠬᠤ ᠬᠡᠪᠴᠢᠶ᠎ᠡ ᠵᠢ ᠥᠷᠭᠡᠳᠬᠡᠨ᠂ ᠪᠣᠳᠠᠲᠤ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ ᠪᠠᠢ᠌ᠨ᠎ᠠ ᠃ ᠸᠠᠩ ᠰᠢᠨ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯ᠎ᠢ ᠪᠠᠢ᠌ᠩᠭᠤᠵᠢᠭᠤᠯᠬᠤ ᠵᠢ ᠦᠷᠭᠦᠯᠵᠢᠯᠡᠨ ᠠᠬᠢᠭᠤᠯᠵᠤ᠂ 《ᠮᠡᠳᠡᠯᠭᠡ ᠵᠢᠨ ᠨᠥᠭᠡᠴᠡ + ᠤᠷ᠎ᠠ ᠴᠢᠳᠠᠪᠤᠷᠢ ᠵᠢᠨ ᠦᠢᠯᠡᠳᠦᠯᠭᠡ》ᠵᠢᠨ ᠦᠶᠡᠷ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠬᠣᠤᠰ ᠰᠡᠷᠭᠡᠢ᠌ᠯᠡᠯᠲᠡ ᠵᠢᠨ ᠲᠣᠤᠷ᠎ᠢ ᠪᠥᠬᠥ ᠬᠦᠴᠦᠨ ᠵᠶ᠋ᠡᠷ ᠵᠶ᠋ᠡᠨ ᠪᠠᠢ᠌ᠭᠤᠯᠤᠨ᠎ᠠ᠃ ᠡᠭᠦᠨ᠎ᠤ ᠬᠠᠮᠲᠤ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠮᠡᠷᠭᠡᠵᠢᠯ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠭᠠᠮᠰᠢᠭ᠎ᠠᠴᠠ ᠠᠪᠤᠷᠠᠵᠤ ᠦᠢᠯᠡᠳᠪᠦᠷᠢᠯᠡᠯ ᠵᠶ᠋ᠡᠨ ᠰᠡᠷᠭᠦᠭᠡᠬᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢᠯᠡᠴᠢᠯᠡᠭᠡᠨ᠎ᠤ ᠠᠵᠢᠯᠯᠠᠭ᠎ᠠ ᠵᠢ ᠪᠥᠬᠥ ᠬᠦᠴᠦᠨ ᠵᠶ᠋ᠡᠷ ᠵᠶ᠋ᠡᠨ ᠥᠷᠨᠢᠭᠦᠯᠵᠦ᠂ ᠭᠠᠮᠰᠢᠭ᠎ᠤᠨ ᠳᠠᠷᠠᠭ᠋ᠠᠬᠢ ᠦᠢᠯᠡᠳᠪᠦᠷᠢᠯᠡᠯ ᠵᠶ᠋ᠡᠨ ᠰᠡᠷᠭᠦᠭᠡᠬᠦ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠬᠡᠷᠡᠭᠲᠡᠢ ᠭᠡᠵᠦ ᠬᠡᠯᠡᠪᠡ᠃