8 ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠱᠠᠩᠬᠠᠶ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠣᠯᠢᠯᠴᠠᠭ᠋ᠠᠨ᠎ᠤ ᠲᠥᠪ ᠰᠦᠯᠵᠢᠶᠡᠨ ᠳᠡᠭᠡᠷᠡᠬᠢ ᠬᠡᠯᠪᠡᠷᠢ᠎ᠪᠠᠷ ᠱᠠᠩᠬᠠᠶ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠎ᠠ ᠰᠣᠯᠢᠯᠴᠠᠭ᠋ᠠᠨ᠎ᠤ ᠬᠤᠷᠠᠯ᠎ᠢ ᠬᠠᠮᠲᠤᠷᠠᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠬᠠᠮᠢᠶ᠎ᠠ ᠪᠥᠬᠥᠶ ᠭᠠᠵᠠᠷ ᠲᠠᠰᠤᠭ ᠪᠠ ᠰᠠᠯᠠᠭ᠎ᠠ ᠮᠥᠴᠢᠷ᠂ ᠤᠯᠠᠭ᠋ᠠᠨᠴᠠᠪ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠬᠠᠮᠢᠶ᠎ᠠ ᠪᠥᠬᠥᠶ ᠬᠣᠰᠢᠭᠤ ᠰᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠵᠢᠴᠢ ᠲᠤᠬᠠᠶ ᠵᠢᠨ ᠭᠠᠵᠠᠷ᠎ᠤᠨ 18 ᠲᠡᠮᠦᠷ᠎ᠤᠨ ᠬᠠᠢ᠌ᠯᠤᠰᠢ᠎ᠪᠠᠷ ᠭᠣᠤᠯ ᠪᠣᠯᠭ᠋ᠠᠭᠰᠠᠨ ᠭᠣᠤᠯᠳᠠᠯᠭ᠎ᠠ᠎ᠲᠠᠢ ᠠᠵᠤ ᠠᠬᠤᠢ᠌ᠯᠠᠯ᠎ᠤᠨ ᠲᠥᠯᠥᠭᠡᠯᠡᠭᠴᠢ ᠪᠣᠯᠤᠨ ᠱᠠᠩᠬᠠᠶ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠣᠯᠢᠯᠴᠠᠭ᠋ᠠᠨ᠎ᠤ ᠲᠥᠪ᠂ ᠪᠤᠬᠢᠷᠲᠤᠯ ᠦᠭᠡᠢ (ᠱᠠᠩᠬᠠᠶ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠨᠥᠬᠥᠳ 《ᠡᠭᠦᠯᠡᠨ ᠦᠵᠦᠭᠦᠷ》᠎ᠲᠤ ᠴᠤᠭᠯᠠᠷᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠠᠴᠠ ᠡᠨᠧᠷᠭᠢ ᠣᠯᠭᠣᠭᠰᠠᠨ ᠤᠯᠠᠮᠵᠢᠯᠠᠯᠲᠤ ᠠᠵᠤ ᠦᠢᠯᠡᠰ᠎ᠤᠨ ᠲᠠᠰ ᠳᠡᠪᠰᠢᠬᠦ ᠵᠠᠮ᠎ᠢ ᠬᠠᠮᠲᠤ᠎ᠪᠠᠷ ᠬᠠᠢ᠌ᠨ ᠰᠦᠪᠡᠭᠴᠢᠯᠡᠪᠡ ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠋ᠠᠨ᠎ᠤ ᠲᠣᠭᠲᠠᠴᠠ ᠵᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠬᠢᠭᠡᠳ ᠴᠢᠨᠠᠷ ᠰᠠᠢ᠌ᠲᠠᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠵᠣᠯᠭ᠋ᠠᠭᠤᠯᠬᠤ ᠠᠷᠭ᠎ᠠ ᠵᠠᠮ᠎ᠢ ᠤᠯᠠᠮ ᠴᠢᠨᠠᠭᠰᠢᠳᠠ ᠥᠷᠭᠡᠳᠬᠡᠵᠦ᠂ ᠬᠠᠩᠭ᠋ᠠᠯᠭ᠎ᠠ ᠬᠡᠷᠡᠭᠴᠡᠭᠡ ᠵᠢ ᠲᠤᠢ᠌ᠯ᠎ᠤᠨ ᠣᠨᠣᠪᠴᠢᠲᠠᠶ᠎ᠪᠠᠷ ᠵᠣᠯᠭ᠋ᠠᠭᠤᠯᠬᠤ ᠠᠵᠢᠯᠯᠠᠭ᠎ᠠ ᠵᠢ ᠪᠠᠢ᠌ᠩᠭᠤ ᠵᠣᠬᠢᠶᠠᠨ ᠪᠠᠢ᠌ᠭᠤᠯᠤᠨ ᠥᠷᠨᠢᠭᠦᠯᠵᠦ᠂ ᠠᠵᠤ ᠠᠬᠤᠢ᠌ᠯᠠᠯ᠎ᠤᠨ ᠠᠵᠢᠯ ᠲᠥᠷᠥᠯ᠎ᠤᠨ ᠡᠮᠦᠨ᠎ᠡ ᠵᠠᠬ᠎ᠠ ᠵᠢᠨ ᠬᠥᠳᠡᠯᠦᠯ ᠪᠠᠢ᠌ᠳᠠᠯ᠂ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ᠂ ᠮᠡᠷᠭᠡᠵᠢᠯ᠎ᠤᠨ ᠦᠷ᠎ᠡ ᠪᠦᠲᠦᠭᠡᠯ ᠵᠡᠷᠭᠡ ᠲᠠᠯ᠎ᠠ᠎ᠪᠠᠷ ᠣᠷᠣᠨ᠎ᠤ ᠭᠠᠳᠠᠨᠠᠬᠢ ᠪᠠᠢ᠌ᠭᠤᠯᠤᠮᠵᠢ᠎ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠵᠢ ᠠᠬᠢᠭᠤᠯᠵᠤ᠂ ᠲᠥᠬᠥᠷ ᠦᠢᠯᠡᠴᠢᠯᠡᠭᠡ ᠪᠠ ᠬᠥᠲᠥᠯᠥᠨ ᠵᠢᠯᠣᠭᠣᠳᠬᠤ ᠴᠢᠨᠠᠷᠲᠠᠶ ᠳᠡᠮᠵᠢᠯᠭᠡ ᠵᠢ ᠴᠢᠩᠭ᠋ᠠᠳᠬᠠᠵᠤ᠂ ᠬᠠᠮᠲᠤᠷᠠᠯᠴᠠᠭ᠋ᠠᠨ᠎ᠤ ᠰᠠᠨᠠᠮᠵᠢ ᠵᠢᠨ ᠦᠨᠡᠨ ᠪᠣᠳᠠᠲᠠᠶ ᠨᠠᠢ᠌ᠳᠠᠪᠤᠷᠢᠵᠢᠭᠤᠯᠤᠭᠳᠠᠬᠤ ᠵᠢ ᠠᠬᠢᠭᠤᠯᠵᠤ᠂ ᠱᠠᠩᠬᠠᠶ ᠥᠪᠥᠷ ᠮᠣᠩᠭᠣᠯ ᠬᠣᠶᠠᠷ ᠭᠠᠵᠠᠷ᠎ᠤᠨ ᠳᠠᠪᠠᠭᠤᠯᠢᠭ ᠵᠶ᠋ᠠᠨ ᠬᠠᠷᠢᠯᠴᠠᠨ ᠨᠥᠬᠥᠪᠥᠷᠢᠯᠡᠬᠦ᠂ ᠬᠠᠮᠲᠤ᠎ᠪᠠᠷ ᠨᠡᠪᠲᠡᠷᠡᠯᠴᠡᠵᠦ ᠬᠠᠮᠲᠤ᠎ᠪᠠᠷ ᠠᠭᠤᠰᠤᠯᠴᠠᠬᠤ᠂ ᠬᠠᠮᠵᠢᠯᠴᠠᠨ ᠬᠥᠭᠵᠢᠬᠦ ᠰᠠᠢ᠌ᠨ ᠰᠠᠢ᠌ᠬᠠᠨ ᠪᠠᠢ᠌ᠳᠠᠯ᠎ᠢ ᠲᠦᠷᠭᠡᠳᠬᠡᠨ ᠪᠦᠷᠢᠯᠳᠦᠭᠦᠯᠬᠦ᠎ᠳᠤ ᠬᠦᠴᠦᠨ ᠨᠡᠮᠡᠷᠢᠯᠡᠨ᠎ᠡ ᠭᠡᠪᠡ ᠃