8 ᠰᠠᠷ᠎ᠠ᠎ᠶᠢᠨ 30 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠣᠢᠷ᠎ᠠ᠎ᠶᠢᠨ ᠬᠤᠭᠤᠴᠠᠭᠠᠨ᠎ᠤ ᠬᠣᠯᠪᠣᠭᠳᠠᠯ ᠪᠦᠬᠦᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠪᠡ᠃
ᠬᠤᠷᠠᠯ᠎ᠡᠴᠡ᠂ 8 ᠰᠠᠷ᠎ᠠ᠎ᠶᠢᠨ 29 ᠤ᠋ ᠡᠳᠦᠷ᠎ᠦᠨ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠣᠳᠠᠲᠤ ᠪᠠᠢᠳᠠᠯ ᠲᠠᠶ᠎ᠪᠠᠨ ᠤᠶᠠᠯᠳᠤᠭᠤᠯᠤᠨ ᠨᠠᠢᠳᠠᠪᠤᠷᠢᠵᠢᠭᠤᠯᠤᠯᠲᠠ᠎ᠶᠢ ᠰᠠᠢᠲᠤᠷ ᠠᠳᠬᠤᠬᠤ ᠬᠡᠷᠡᠭᠲᠡᠢ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠤᠨ ᠳᠦᠷᠢᠮ》᠎ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠳᠠᠬᠢ ᠨᠠᠮ᠎ᠤᠨ ᠪᠦᠭᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢᠶᠡᠨ ᠨᠢᠭᠡᠳᠬᠡᠨ ᠰᠦᠭ ᠰᠦᠨᠡᠰᠦ᠎ᠶᠢ ᠱᠤᠭᠤᠬᠤ᠎ᠶᠢ ᠦᠨᠡᠨ ᠬᠦ᠌ ᠲᠡᠷᠢᠭᠦᠨ ᠪᠠᠢᠷᠢᠨ᠎ᠳᠤ ᠲᠠᠯᠪᠢᠵᠤ᠂ ᠨᠡᠢᠭᠡᠮ᠎ᠦᠨ ᠬᠠᠮᠲᠤᠯᠢᠭ᠋᠎ᠤᠨ ᠬᠥᠭᠵᠢᠯᠲᠡ ᠬᠤᠪᠢᠷᠠᠯᠲᠠ᠎ᠳᠤ ᠰᠠᠨᠠᠭᠠᠴᠢᠯᠠᠭ᠎ᠠ᠎ᠡᠴᠡ᠎ᠪᠠᠨ ᠵᠣᠬᠢᠴᠠᠨ ᠠᠷᠭ᠎ᠠ ᠭᠡᠯᠪᠡᠷᠢ᠎ᠶᠢᠨ ᠰᠢᠨ᠎ᠡ ᠶ᠋ᠢ ᠡᠭᠦᠳᠴᠦ᠂ ᠬᠤᠪᠢᠶᠠᠷᠢᠴᠢᠯᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠬᠥᠮᠥᠵᠢᠭᠦᠯᠦᠨ ᠵᠢᠯᠤᠭᠣᠳᠴᠤ ᠪᠠᠢᠭᠠᠳ ᠲᠤᠰ ᠪᠡᠶ᠎ᠡ᠎ᠶᠢᠨ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠦᠷᠭᠦᠯᠵᠢᠯᠡᠨ ᠴᠢᠩᠭᠠᠳᠬᠠᠵᠤ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠳᠠᠭᠠᠨ ᠤᠷᠤᠭᠰᠢᠯᠠᠬᠤ 》 ᠤᠯᠠᠨ ᠲᠦᠮᠡᠨᠴᠢ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠤᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ᠃ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠤᠬᠠᠮᠰᠠᠷ ᠪᠣᠯᠣᠨ ᠡᠭᠦᠷᠭᠡᠯᠡᠯ᠎ᠢᠶᠡᠷ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》᠎ᠶ᠋ᠢ ᠰᠤᠷᠤᠯᠴᠠᠨ ᠤᠬᠠᠭᠤᠯᠬᠤ ᠪᠠ ᠵᠣᠬᠢᠶᠠᠨ ᠪᠠᠢᠭᠤᠯᠤᠨ ᠬᠡᠷᠡᠭᠵᠢᠭᠦᠯᠬᠦ᠎ᠶᠢ ᠪᠦᠭᠦ ᠬᠦᠴᠦᠨ᠎ᠢᠶᠡᠷ᠎ᠢᠶᠡᠨ ᠰᠠᠢᠲᠤᠷ ᠠᠳᠬᠤᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠦᠨᠳᠦᠰᠦᠲᠡᠨ᠎ᠦ ᠠᠰᠠᠭᠤᠳᠠᠯ᠎ᠢ ᠰᠢᠢᠳᠪᠦᠷᠢᠯᠡᠬᠦ ᠵᠥᠪ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠨᠠᠩ ᠰᠠᠢᠲᠤᠷ ᠠᠬᠢᠭᠤᠯᠬᠤ ᠬᠡᠷᠡᠭᠲᠡᠢ᠃ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠢᠮᠠᠭᠲᠠ ᠲᠡᠷᠢᠭᠦᠨ᠎ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠪᠠ ᠭᠠᠮᠰᠢᠭ᠋᠎ᠢ ᠰᠡᠷᠭᠡᠢᠯᠡᠵᠦ ᠭᠠᠮᠰᠢᠭ᠋᠎ᠡᠴᠡ ᠠᠪᠤᠷᠠᠬᠤ ᠠᠵᠢᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠬᠤᠬᠤ ᠬᠡᠷᠡᠭᠲᠡᠢ᠃ ᠭᠠᠮᠰᠢᠭ᠍ᠳᠠᠭᠰᠠᠨ ᠭᠠᠵᠠᠷ ᠣᠷᠣᠨ ᠨᠢ ᠭᠠᠮᠰᠢᠭ᠋᠎ᠤᠨ ᠳᠠᠷᠠᠭᠠᠬᠢ ᠰᠡᠷᠭᠦᠭᠡᠨ ᠲᠠᠭᠢᠨ ᠪᠦᠲᠦᠭᠡᠨ ᠪᠠᠢᠭᠤᠯᠬᠤ ᠠᠵᠢᠯ᠎ᠢ ᠱᠠᠯᠠᠪᠳᠠᠨ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ ᠡᠴᠡ ᠰᠤᠷᠲᠠᠯ᠎ᠤᠨ ᠪᠠᠢᠭᠤᠯᠤᠯᠲᠠ᠎ᠶᠢᠨ ᠲᠤᠬᠠᠢ ᠳᠠᠬᠢᠨᠲᠠ ᠴᠢᠬᠤᠯᠠ ᠵᠢᠭᠠᠪᠤᠷᠢ ᠥᠭᠴᠦ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠴᠥᠬᠥᠷᠡᠰᠢ ᠦᠭᠡᠢ ᠨᠠᠢᠳᠠᠪᠤᠷᠢᠵᠢᠭᠤᠯᠬᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠬᠤ ᠣᠷᠳᠣ᠌ ᠬᠤᠭᠤᠴᠠᠭ᠎ᠠ ᠪᠦᠲᠦᠮᠵᠢᠲᠡᠶ ᠪᠠᠢᠯᠭᠠᠬᠤ᠎ᠶᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠢᠳᠡᠨ᠎ᠦ ᠠᠵᠢᠯ᠎ᠢᠶᠠᠨ ᠰᠠᠢᠲᠤᠷ ᠬᠢᠬᠦ᠎ᠳᠦ ᠴᠢᠬᠤᠯᠠ ᠵᠢᠷᠤᠮᠯᠠᠯ ᠬᠠᠩᠭᠠᠪᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠤᠨ ᠲᠣᠬᠢᠷᠠᠭᠤᠯᠤᠯᠲᠠ ᠪᠠᠢᠷᠢᠯᠠᠭᠤᠯᠤᠯᠲᠠ᠎ᠶᠢ ᠪᠦᠭᠦ ᠲᠠᠯ᠎ᠠ᠎ᠪᠠᠷ ᠨᠠᠢᠳᠠᠪᠤᠷᠢᠵᠢᠭᠤᠯᠵᠤ᠂ ᠰᠤᠷᠲᠠᠯ᠎ᠤᠨ ᠪᠠᠢᠭᠤᠯᠤᠯᠲᠠ᠎ᠶᠢ ᠴᠥᠬᠥᠷᠡᠰᠢ ᠦᠭᠡᠢ ᠠᠬᠢᠭᠤᠯᠬᠤ ᠬᠡᠷᠡᠭᠲᠡᠢ᠃ ᠰᠠᠢᠲᠤᠷ ᠡᠬᠢᠯᠡᠭᠦᠯᠵᠦ ᠰᠠᠢᠲᠤᠷ ᠲᠡᠭᠦᠰᠬᠡᠵᠦ ᠰᠤᠷᠤᠯᠴᠠᠯᠭ᠎ᠠ ᠬᠥᠮᠦᠵᠢᠯ᠎ᠢ ᠰᠠᠢᠲᠤᠷ ᠠᠳᠬᠤᠵᠤ᠂ ᠢᠯᠠᠩᠭᠤᠶ᠎ᠠ ᠪᠠᠢᠴᠠᠭᠠᠨ ᠳᠡᠯᠭᠡᠭᠰᠡᠨ ᠠᠰᠠᠭᠤᠳᠠᠯ᠎ᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠪᠦᠭᠦ ᠬᠦᠴᠦᠨ᠎ᠢᠶᠡᠷ᠎ᠢᠶᠡᠨ ᠴᠡᠭᠴᠡᠯᠡᠨ ᠰᠠᠢᠵᠢᠷᠠᠭᠤᠯᠵᠤ ᠪᠣᠳᠠᠲᠠᠢ᠎ᠳᠤ ᠨᠠᠢᠳᠠᠪᠤᠷᠢᠵᠢᠭᠤᠯᠤᠨ ᠴᠡᠭᠴᠡᠯᠡᠨ ᠵᠠᠰᠠᠬᠤ ᠬᠡᠷᠡᠭᠲᠡᠢ᠃ ᠰᠤᠷᠲᠠᠯ᠎ᠤᠨ ᠠᠷᠬᠠᠭ ᠭᠡᠮ᠎ᠢ ᠦᠷᠭᠦᠯᠵᠢᠯᠡᠨ ᠬᠦᠴᠦᠯᠡᠨ ᠵᠠᠯᠠᠷᠠᠭᠤᠯᠵᠤ᠂ ᠪᠠᠢᠩᠭᠤ᠎ᠶᠢᠨ ᠴᠢᠨᠠᠷᠲᠠᠢ᠎ᠪᠠᠷ ᠠᠰᠠᠭᠤᠳᠠᠯ᠎ᠢ ᠢᠯᠡᠷᠡᠭᠦᠯᠬᠦ᠂ ᠠᠰᠠᠭᠤᠳᠠᠯ᠎ᠢ ᠰᠢᠢᠳᠪᠦᠷᠢᠯᠡᠬᠦ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠬᠢᠨᠠᠯᠲᠠ ᠲᠠᠯᠪᠢᠵᠤ ᠰᠠᠬᠢᠯᠭ᠎ᠠ ᠪᠠᠲᠤ᠎ᠶᠢ ᠬᠡᠷᠡᠭᠵᠢᠭᠦᠯᠬᠦ᠎ᠶᠢ ᠴᠢᠩᠭᠠᠳᠬᠠᠵᠤ᠂ ᠰᠤᠷᠲᠠᠯ ᠢᠯᠵᠢᠷᠡᠯ᠎ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ ᠠᠵᠢᠯ᠎ᠢ ᠭᠦᠨᠵᠡᠭᠡᠢ ᠠᠬᠢᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠱᠠᠯᠠᠪᠳᠠᠭᠤᠯᠵᠤ ᠪᠠᠢᠭᠠᠳ ᠰᠤᠷᠲᠠᠯ᠎ᠤᠨ ᠪᠠᠢᠭᠤᠯᠤᠯᠲᠠ᠎ᠶᠢᠨ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠪᠠᠲᠤ ᠡᠭᠦᠷᠭᠡᠯᠡᠭᠦᠯᠵᠦ᠂ ᠬᠠᠷᠢᠭᠤᠴᠠᠯᠭ᠎ᠠ᠎ᠪᠠᠨ ᠴᠢᠩᠭ᠎ᠠ ᠭᠦᠢᠴᠡᠳᠬᠡᠬᠦ᠂ ᠬᠠᠷᠢᠶᠠᠯᠠᠯ᠎ᠢᠶᠠᠨ ᠴᠢᠩᠭ᠎ᠠ ᠬᠠᠮᠢᠶᠠᠷᠬᠤ᠎ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃