ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶ᠋ᠢᠨ ᠠᠷᠪᠠ ᠶᠢᠰᠦᠳᠦᠭᠡᠷ ᠤᠳᠠᠭ᠎ᠠ᠎ᠶ᠋ᠢᠨ ᠬᠤᠷᠠᠯ ᠬᠤᠷᠠᠯᠳᠤᠪᠠ  ᠰᠦᠨ ᠱᠤᠤ ᠴᠧᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2025-09-05

     9 ᠰᠠᠷ᠎ᠠ᠎ᠶᠢᠨ 4᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶ᠋ᠢᠨ ᠠᠷᠪᠠ ᠶᠢᠰᠦᠳᠦᠭᠡᠷ ᠤᠳᠠᠭ᠎ᠠ᠎ᠶ᠋ᠢᠨ ᠬᠤᠷᠠᠯ ᠭᠦᠭᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶ᠋ᠢᠨ ᠡᠷᠭᠢᠯᠡᠭᠴᠢ ᠰᠦᠨ ᠱᠤᠤ ᠴᠧᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

   ᠲᠤᠰ ᠤᠳᠠᠭ᠎ᠠ᠎ᠶᠢᠨ ᠬᠤᠷᠠᠯ᠎ᠳᠤ 62 ᠪᠦᠷᠢᠯᠳᠦᠭᠦᠨ ᠣᠷᠣᠯᠴᠠᠵᠤ᠂ ᠬᠠᠤᠯᠢ᠎ᠳᠤ ᠲᠣᠭᠲᠠᠭᠠᠭᠰᠠᠨ ᠬᠥᠮᠥᠨ᠎ᠦ ᠲᠣᠭ᠎ᠠ᠎ᠳᠤ ᠨᠡᠢᠴᠡᠪᠡ᠃

   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠪᠠᠢᠩᠭᠤ᠎ᠶᠢᠨ ᠳᠡᠳ᠋ ᠡᠷᠭᠢᠯᠡᠭᠴᠢ ᠯᠢᠨ ᠱᠤᠤ ᠴᠦᠨ᠂ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠣᠩ ᠹᠠᠨ᠂ ᠳ᠋ᠢᠩ ᠰᠢᠤ ᠹᠧᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠲᠠᠩ ᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠎ᠶ᠋ᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶ᠋ᠢᠨ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠪᠠ᠃

    ᠬᠤᠷᠠᠯ᠎ᠡᠴᠡ ᠸᠠᠩ ᠯᠢ ᠰᠢᠶᠠ᠎ᠶᠢᠨ ᠰᠠᠬᠢᠯᠭ᠎ᠠ ᠪᠠᠲᠤ ᠬᠠᠤᠯᠢ ᠴᠠᠭᠠᠵᠠ᠎ᠶᠢ ᠬᠦᠨᠳᠦ ᠨᠣᠴᠢᠲᠠᠢ ᠵᠥᠷᠢᠴᠡᠭᠰᠡᠨ᠎ᠢᠶᠡᠷ ᠰᠡᠵᠢᠭᠯᠡᠭᠳᠡᠭᠰᠡᠨ᠎ᠡᠴᠡ ᠪᠣᠯᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ᠎ᠶᠢᠨ ᠲᠤᠰᠢᠶᠠᠯ᠎ᠡᠴᠡ᠎ᠪᠠᠨ ᠪᠠᠭᠤᠬᠤ᠎ᠶᠢ ᠭᠥᠯᠢᠶᠡᠨ ᠠᠪᠬᠤ ᠲᠤᠬᠠᠢ ᠲᠣᠭᠲᠠᠭᠠᠯ᠎ᠢ ᠬᠢᠨᠠᠨ ᠵᠥᠪᠯᠡᠵᠦ ᠪᠠᠲᠤᠯᠠᠪᠠ; ᠠᠷᠪᠠᠨ ᠳᠥᠷᠪᠡᠳᠦᠭᠡᠷ ᠬᠤᠭᠤᠴᠠᠭᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠣᠨᠴᠠ ᠵᠠᠷᠢᠮ ᠲᠥᠯᠥᠭᠡᠯᠡᠭᠴᠢ᠎ᠶᠢᠨ ᠲᠤᠰᠢᠶᠠᠯ᠎ᠢ ᠤᠬ᠍ᠴᠠᠷᠠᠭᠤᠯᠬᠤ ᠲᠤᠬᠠᠢ ᠰᠢᠢᠳᠪᠦᠷᠢ᠎ᠶᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠳᠤ ᠮᠡᠳᠡᠭᠦᠯᠦᠨ ᠳᠠᠩᠰᠠᠯᠠᠭᠤᠯᠵᠤ᠂ ᠵᠠᠷᠯᠠᠨ ᠨᠡᠢᠲᠡᠯᠡᠨ᠎ᠡ᠃ ᠬᠤᠷᠠᠯ᠎ᠡᠴᠡ ᠪᠠᠰᠠ ᠣᠨᠴᠠ ᠵᠠᠷᠢᠮ ᠲᠥᠯᠥᠭᠡᠯᠡᠭᠴᠢ᠎ᠶᠢᠨ ᠲᠥᠯᠥᠭᠡᠯᠡᠭᠴᠢ᠎ᠶᠢᠨ ᠬᠢᠷᠢ ᠭᠡᠮ᠎ᠦᠨ ᠲᠤᠬᠠᠢ ᠮᠡᠳᠡᠭᠦᠯᠦᠯᠲᠡ᠎ᠶᠢ ᠰᠣᠨᠣᠰᠴᠤ᠂ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠸᠠᠩ ᠯᠢ ᠰᠢᠶᠠ᠂ ᠸᠧᠢ ᠱᠤᠸᠠᠨ ᠱᠢ᠂ ᠵᠢᠶᠠ ᠵᠧᠨ ᠭᠦᠸᠧ᠎ᠶᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠬᠢᠷᠢ ᠭᠡᠮ ᠳᠠᠭᠤᠰᠪᠠ᠃

    ᠬᠤᠷᠠᠯ᠎ᠡᠴᠡ᠂ ᠨᠠᠮ᠎ᠤᠨ ᠲᠥᠪ ᠬᠣᠷᠢᠶ᠎ᠠ᠎ᠡᠴᠡ ᠸᠠᠩ ᠯᠢ ᠰᠢᠶᠠ᠎ᠶᠢᠨ ᠰᠠᠬᠢᠯᠭ᠎ᠠ ᠪᠠᠲᠤ ᠬᠠᠤᠯᠢ ᠴᠠᠭᠠᠵᠠ᠎ᠶᠢ ᠬᠦᠨᠳᠦ ᠨᠣᠴᠢᠲᠠᠢ ᠵᠥᠷᠢᠴᠡᠭᠰᠡᠨ᠎ᠢᠶᠡᠷ ᠰᠡᠵᠢᠭᠯᠡᠭᠳᠡᠭᠰᠡᠨ᠎ᠳᠦ ᠰᠠᠬᠢᠯᠭ᠎ᠠ ᠪᠠᠲᠤ᠎ᠶᠢᠨ ᠬᠢᠨᠠᠨ ᠪᠠᠢᠴᠠᠭᠠᠯᠲᠠ ᠪᠠ ᠬᠢᠨᠠᠨ ᠪᠠᠢᠴᠠᠭᠠᠬᠤ ᠪᠠᠢᠴᠠᠭᠠᠯᠲᠠ ᠬᠢᠬᠦ᠎ᠪᠡᠷ ᠲᠣᠭᠲᠠᠭᠰᠠᠨ ᠨᠢ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ᠎ᠶ᠋ᠢᠨ ᠨᠠᠮ ᠨᠢ ᠨᠠᠮ᠎ᠢᠶᠠᠨ ᠬᠠᠮᠢᠶᠠᠷᠬᠤ᠎ᠶᠢ ᠪᠠᠷᠢᠮᠲᠠᠯᠠᠵᠤ᠂ ᠨᠢᠭᠡ ᠮᠥᠴᠡ ᠴᠦ᠍ ᠵᠣᠭᠰᠣᠯ ᠦᠭᠡᠢ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠷᠡᠰ ᠪᠠᠲᠤ ᠵᠣᠷᠢᠭ᠋ ᠰᠠᠨᠠᠭ᠎ᠠ᠎ᠶᠢ ᠭᠦᠢᠴᠡᠳ ᠢᠯᠡᠷᠡᠭᠦᠯᠵᠦ᠂ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠤᠨ ᠡᠯ᠎ᠡ ᠵᠦᠢᠯ᠎ᠦᠨ ᠦᠢᠯᠡᠰ᠎ᠦᠨ ᠦᠷᠭᠦᠯᠵᠢᠯᠡᠨ ᠡᠷᠡᠭᠦᠯ᠎ᠢᠶᠡᠷ ᠬᠥᠭᠵᠢᠬᠦ ᠪᠠ ᠺᠠᠳ᠋ᠷ᠎ᠤᠨ ᠡᠩᠨᠡᠭᠡ᠎ᠶᠢᠨ ᠪᠠᠢᠭᠤᠯᠤᠯᠲᠠ᠎ᠶᠢ ᠬᠠᠯᠠᠮᠵᠢᠯᠠᠨ ᠴᠢᠬᠤᠯᠠᠴᠢᠯᠠᠵᠤ ᠪᠠᠢᠬᠤ᠎ᠶᠢ ᠭᠦᠢᠴᠡᠳ ᠢᠯᠡᠷᠡᠭᠦᠯᠪᠡ᠃ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠦᠵᠡᠯ ᠰᠠᠨᠠᠭ᠎ᠠ ᠂ ᠨᠠᠮ᠎ᠤᠨ ᠥᠪᠡᠷ ᠪᠡᠶ᠎ᠡ᠎ᠶᠢᠨ ᠬᠤᠪᠢᠰᠬᠠᠯ ᠤ᠋ᠨ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ᠎ᠡᠴᠡ᠎ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠎ᠶ᠋ᠢᠨ ᠵᠣᠷᠢᠭ᠋ ᠰᠠᠨᠠᠭ᠎ᠠ᠎ᠲᠠᠢ ᠨᠢᠭᠡᠳᠬᠡᠵᠦ᠂ ᠭᠦᠨᠵᠡᠭᠡᠢ ᠰᠤᠷᠭᠠᠮᠵᠢ ᠠᠪᠴᠤ᠂ ᠰᠡᠷᠡᠮᠵᠢ ᠵᠢᠨ ᠬᠤᠩᠬᠤ ᠶ᠋ᠢ ᠴᠠᠭ ᠢᠮᠠᠭᠲᠠ ᠪᠠᠢᠩᠭᠤ ᠳᠤᠤᠭᠠᠷᠭᠠᠵᠤ᠂ ᠢᠯᠵᠢᠷᠡᠯ᠎ᠢ ᠡᠰᠡᠷᠭᠦᠴᠡᠵᠦ ᠴᠢᠨᠠᠷ ᠬᠤᠪᠢᠷᠠᠬᠤ᠎ᠡᠴᠡ ᠰᠡᠷᠭᠡᠢᠯᠡᠬᠦ ᠦᠵᠡᠯ ᠰᠠᠨᠠᠭᠠᠨ᠎ᠤ ᠬᠠᠰᠢᠯᠭ᠎ᠠ᠎ᠶᠢ ᠦᠨᠡᠨ ᠬᠦ᠌ ᠪᠡᠬᠢᠵᠢᠭᠦᠯᠵᠦ᠂ ᠰᠠᠬᠢᠯᠭ᠎ᠠ ᠪᠠᠲᠤ ᠬᠠᠤᠯᠢ ᠴᠠᠭᠠᠵᠠ᠎ᠡᠴᠡ ᠵᠥᠷᠢᠴᠡᠭᠰᠡᠨ ᠠᠯᠢᠪᠠ ᠠᠵᠢᠯᠯᠠᠭ᠎ᠠ᠎ᠲᠠᠢ ᠡᠷᠡᠰ ᠲᠡᠮᠡᠴᠡᠯ ᠬᠢᠵᠦ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠲᠠᠰᠤᠷᠠᠯᠳᠠ ᠦᠭᠡᠢ ᠭᠦᠨᠵᠡᠭᠡᠢᠷᠡᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠭᠰᠠᠨ》᠎ᠢ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

     ᠬᠤᠷᠠᠯ᠎ᠡᠴᠡ᠂ ᠪᠦᠭᠦ ᠵᠢᠯ᠎ᠦᠨ ᠡᠯ᠎ᠡ ᠵᠦᠢᠯ᠎ᠦᠨ ᠠᠵᠢᠯ ᠶᠠᠭ ᠰᠢᠪᠲᠤᠯᠤᠯᠲᠠ᠎ᠶ᠋ᠢᠨ ᠱᠠᠲᠤᠨ᠎ᠳᠤ ᠣᠷᠣᠰᠢᠵᠤ ᠪᠤᠢ᠂ ᠪᠦᠭᠦ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶᠢᠨ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠂  《ᠲᠠᠪᠤᠨ ᠶᠡᠬᠡ ᠡᠭᠦᠷᠭᠡ》᠎ᠶ᠋ᠢ ᠨᠠᠢᠳᠠᠪᠤᠷᠢᠵᠢᠭᠤᠯᠬᠤ ᠵᠢᠴᠢ 《ᠵᠢᠷᠭᠤᠭᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭᠠᠨ ᠠᠵᠢᠯᠯᠠᠭ᠎ᠠ》᠎ᠶ᠋ᠢ ᠥᠷᠨᠢᠭᠦᠯᠬᠦ᠎ᠶᠢᠨ ᠲᠣᠭᠣᠷᠢᠨ᠎ᠳᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠵᠡᠷᠭᠡ ᠡᠯ᠎ᠡ ᠵᠦᠢᠯ᠎ᠦᠨ ᠠᠵᠢᠯ᠎ᠢ ᠨᠠᠷᠢᠯᠢᠭ᠋ ᠣᠨᠣᠴᠠᠲᠠᠢ ᠪᠦᠲᠦᠮᠵᠢᠲᠡᠢ ᠰᠠᠢᠲᠤᠷ ᠬᠢᠬᠦ ᠬᠡᠷᠡᠭᠲᠡᠢ᠃ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠭᠣᠣᠯ ᠲᠡᠢᠨ᠎ᠦ ᠲᠠᠯᠠᠪᠤᠷ᠎ᠲᠤ ᠢᠳᠡᠪᠬᠢᠲᠡᠢ ᠣᠷᠣᠯᠴᠠᠵᠤ᠂ ᠠᠵᠤ ᠠᠬᠤᠢ᠎ᠶᠢᠨ ᠬᠦᠷᠢᠶᠡᠨ᠎ᠳᠠᠬᠢ ᠬᠠᠤᠯᠢ ᠲᠣᠭᠲᠠᠭᠠᠯᠲᠠ᠎ᠶᠢᠨ 《ᠪᠠᠯᠠᠢ ᠴᠡᠭ》᠎ᠢ ᠲᠦᠷᠭᠡᠪᠴᠢᠯᠡᠨ ᠨᠥᠬᠥᠪᠦᠷᠢᠯᠡᠵᠦ᠂ ᠬᠠᠤᠯᠢ ᠲᠣᠭᠲᠠᠭᠠᠯ ᠲᠥᠷᠥ᠎ᠶᠢᠨ ᠪᠣᠳᠣᠯᠭ᠎ᠠ᠎ᠶᠢᠨ ᠬᠡᠷᠡᠭᠵᠢᠭᠦᠯᠦᠯᠲᠡ᠂ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠂ ᠡᠬᠢ ᠪᠠᠶᠠᠯᠢᠭ᠋᠎ᠤᠨ ᠡᠯᠧᠮᠧᠨ᠋ᠲ᠎ᠦᠨ ᠲᠣᠬᠢᠷᠠᠭᠤᠯᠤᠯᠲᠠ᠂ ᠥᠭᠡᠷᠡᠴᠢᠯᠡᠯᠲᠡ᠎ᠶᠢᠨ ᠡᠭᠦᠷᠭᠡ᠎ᠶᠢᠨ ᠨᠠᠢᠳᠠᠪᠤᠷᠢᠵᠢᠭᠤᠯᠤᠯᠲᠠ ᠵᠡᠷᠭᠡ᠎ᠳᠦ ᠬᠢᠨᠠᠯᠲᠠ ᠲᠠᠯᠪᠢᠬᠤ᠎ᠪᠠᠨ ᠴᠢᠩᠭᠠᠳᠬᠠᠵᠤ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ᠎ᠶᠢᠨ ᠭᠢᠨ᠎ᠢ ᠳᠠᠢᠴᠢᠯᠠᠨ ᠢᠲᠡᠭᠡᠯ ᠵᠣᠷᠢᠭ᠋᠎ᠢᠶᠠᠨ ᠪᠠᠲᠤᠳᠬᠠᠵᠤ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠠᠵᠤ ᠠᠬᠤᠢ᠎ᠶᠢᠨ ᠦᠷᠭᠦᠯᠵᠢᠯᠡᠨ ᠰᠡᠷᠭᠦᠨ ᠰᠠᠢᠵᠢᠷᠠᠬᠤ᠎ᠶᠢ ᠠᠬᠢᠭᠤᠯᠬᠤ ᠬᠡᠷᠡᠭᠲᠡᠢ᠃ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠠᠬᠢ ᠴᠢᠳᠠᠮᠵᠢ᠎ᠶᠢᠨ ᠪᠠᠢᠷᠢ ᠲᠣᠭᠲᠠᠭᠠᠯᠲᠠ ᠪᠠ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠳᠤ ᠰᠠᠭᠤᠷᠢᠯᠠᠵᠤ᠂ ᠮᠠᠨ᠎ᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠬᠣᠯᠪᠣᠭᠳᠠᠬᠤ ᠵᠠᠩᠭᠢᠯᠠᠭ᠎ᠠ᠎ᠶᠢᠨ ᠬᠦᠷᠢᠶ᠎ᠡ ᠪᠠ ᠲᠣᠪᠣᠢᠮ᠎ᠠ ᠠᠰᠠᠭᠤᠳᠠᠯ᠎ᠳᠤ ᠴᠢᠭᠯᠡᠭᠦᠯᠦᠨ᠂  ᠪᠠᠢᠴᠠᠭᠠᠨ ᠰᠤᠳᠤᠯᠤᠯᠲᠠ ᠶ᠋ᠢ ᠯᠠᠪᠳᠠᠭᠤᠨ ᠪᠠᠲᠤᠲᠠᠢ ᠥᠷᠨᠢᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠰᠢᠨᠵᠢᠯᠡᠬᠦ ᠤᠬᠠᠭᠠᠨᠴᠢ᠎ᠪᠠᠷ ᠤᠬᠠᠭᠠᠯᠠᠨ ᠲᠥᠯᠥᠪᠯᠡᠬᠦ᠎ᠳᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ᠃ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ ᠲᠣᠭᠲᠠᠴᠠ ᠪᠠ ᠠᠷᠭ᠎ᠠ ᠪᠠᠷᠢᠯ᠎ᠤᠨ ᠰᠢᠨ᠎ᠡ᠎ᠶᠢ ᠡᠭᠦᠳᠴᠦ᠂ ᠬᠢᠨᠠᠯᠲᠠ ᠲᠠᠯᠪᠢᠬᠤ ᠨᠡᠪᠲᠡᠷᠡᠯᠴᠡᠨ ᠵᠣᠬᠢᠴᠠᠭᠤᠯᠬᠤ ᠲᠣᠭᠲᠠᠴᠠ᠎ᠶᠢ ᠰᠠᠢᠲᠤᠷ ᠬᠡᠷᠡᠭᠯᠡᠵᠦ᠂ ᠬᠠᠲᠠᠭᠤ ᠴᠢᠩᠭ᠎ᠠ ᠬᠢᠨᠠᠯᠲᠠ᠎ᠪᠠᠷ ᠡᠷᠬᠡ᠎ᠶᠢᠨ ᠠᠵᠢᠯᠯᠠᠭᠠᠨ᠎ᠢ ᠵᠢᠷᠤᠮᠵᠢᠭᠤᠯᠵᠤ᠂ ᠨᠠᠮ ᠪᠠ ᠠᠷᠠᠳ ᠲᠦᠮᠡᠨ᠎ᠡᠴᠡ ᠣᠯᠭᠣᠭᠰᠠᠨ ᠡᠷᠬᠡ᠎ᠶᠢ ᠢᠮᠠᠭᠲᠠ ᠳᠤᠷ᠎ᠠ᠎ᠪᠠᠷ᠎ᠢᠶᠠᠨ ᠬᠡᠷᠡᠭᠯᠡᠬᠦ ᠦᠭᠡᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ 《ᠳᠥᠷᠪᠡᠨ ᠪᠠᠢᠭᠤᠯᠭ᠎ᠠ》᠎ᠶ᠋ᠢᠨ ᠪᠠᠢᠭᠤᠯᠤᠯᠲᠠ᠎ᠶᠢ ᠥᠴᠥᠬᠡᠨ ᠴᠦ᠍ ᠰᠤᠯᠠᠷᠠᠭᠤᠯᠤᠯ ᠦᠭᠡᠢ ᠴᠢᠩᠭᠠᠳᠬᠠᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠰᠠᠢᠲᠤᠷ ᠡᠬᠢᠯᠡᠭᠦᠯᠵᠦ ᠰᠠᠢᠲᠤᠷ ᠲᠡᠭᠦᠰᠬᠡᠵᠦ ᠰᠠᠢᠲᠤᠷ ᠠᠳᠬᠤᠵᠤ᠂ ᠰᠤᠷᠲᠠᠯ᠎ᠤᠨ ᠪᠠᠢᠭᠤᠯᠤᠯᠲᠠ᠎ᠶᠢᠨ ᠰᠢᠨ᠎ᠡ ᠦᠷ᠎ᠡ ᠪᠦᠲᠦᠮᠵᠢ᠎ᠪᠡᠷ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠠᠵᠢᠯ᠎ᠤᠨ ᠪᠠᠢᠭᠤᠯᠤᠮᠵᠢ᠎ᠶᠢᠨ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠎ᠦᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            