8 ᠳ᠋ᠤᠭᠠᠷ ᠰᠠᠷ᠎ᠠ᠎ᠶᠢᠨ 24᠎ᠤ ᠡᠳᠦᠷ᠎ᠤᠨ ᠦᠳᠡ᠎ᠶᠢᠨ ᠬᠤᠶ᠋ᠢᠨ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠨᠢ ᠬᠠᠶ᠋ᠢᠨᠠᠨ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ ᠯᠤᠭ᠎ᠠ ᠪᠠᠶ᠋ᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠪᠦᠳᠦᠭᠦᠪᠴᠢ ᠵᠥᠪᠯᠡᠯᠴᠡᠭᠡᠷ ᠳᠣᠬᠢᠷᠠᠯᠴᠠᠵᠤ᠂ ᠥᠪᠥᠷ ᠮᠣᠩᠭᠤᠯ᠂ ᠬᠠᠶ᠋ᠢᠨᠠᠨ᠎ᠤ ᠠᠵᠢᠯ᠎ᠤᠨ ᠲᠤᠬᠠᠶ ᠶᠡᠷᠦᠩᠬᠡᠶ ᠱᠦᠵᠢ ᠰᠢ ᠶ᠋ᠢᠨ ᠫᠢᠩ᠎ᠤᠨ ᠰᠢᠷᠢᠰ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠬᠤᠶᠠᠷ ᠲᠠᠯ᠎ᠠ᠎ᠪᠠᠷ᠎ᠢᠶᠠᠨ ᠭᠦᠨᠵᠡᠭᠡᠶ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭᠠᠵᠤ᠂ ᠴᠢᠨᠠᠷ ᠰᠠᠶ᠋ᠢᠲᠠᠶ ᠬᠥᠭᠵᠢᠯᠲᠡ᠎ᠶᠢᠨ ᠲᠡᠷᠢᠭᠦᠨ ᠴᠢᠬᠤᠯᠠ ᠡᠭᠦᠷᠭᠡ ᠪᠠ ᠬᠥᠭᠵᠢᠯᠲᠡ᠎ᠶᠢᠨ ᠰᠢᠨ᠎ᠡ ᠪᠠᠶ᠋ᠢᠷᠢᠰᠢᠯ᠎ᠢ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ᠎ᠶᠢᠨ ᠡᠭᠦᠷᠭᠡ᠎ᠶᠢᠨ ᠲᠣᠭᠤᠷᠢᠨ᠎ᠳᠤ᠂ ᠬᠤᠶᠠᠷ ᠮᠤᠵᠢ ᠣᠷᠣᠨ᠎ᠤ ᠬᠠᠷᠢᠴᠠᠭᠤᠯᠤᠭᠰᠠᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠤᠯ᠎ᠤᠨ ᠦᠵᠡᠰᠬᠦᠯᠡᠩ᠎ᠤᠨ ᠴᠤᠭᠯᠠᠭᠠᠨ᠎ᠢᠶᠠᠷ ᠠᠵᠠ ᠲᠣᠬᠢᠶᠠᠯ ᠪᠣᠯᠭᠠᠵᠤ᠂ ᠣᠯᠠᠨ ᠳᠠᠪᠬᠤᠷᠭ᠎ᠠ᠂ ᠥᠷᠭᠡᠨ ᠬᠦᠷᠢᠶ᠎ᠡ᠂ ᠣᠯᠠᠨ ᠶᠠᠩᠵᠤ᠎ᠶᠢᠨ ᠬᠠᠮᠲᠤᠷᠠᠯᠴᠠᠭ᠎ᠠ᠎ᠶᠢ ᠴᠢᠩᠭᠠᠷᠠᠭᠤᠯᠤᠨ᠂ ᠬᠠᠢᠨᠠᠨ᠂ ᠥᠪᠥᠷ ᠮᠣᠩᠭᠤᠯ ᠬᠤᠶᠠᠷ ᠭᠠᠵᠠᠷ᠎ᠤᠨ ᠭᠠᠷ ᠬᠤᠯᠪᠣᠨ ᠬᠠᠮᠲᠤ᠎ᠪᠠᠷ ᠤᠷᠤᠭᠰᠢᠯᠠᠵᠤ᠂ ᠬᠠᠷᠢᠯᠴᠠᠨ ᠠᠰᠢᠭ᠍ᠲᠠᠶ ᠬᠠᠮᠲᠤ᠎ᠪᠠᠷ ᠠᠰᠢᠭ᠋ ᠭᠥᠷᠳᠡᠬᠦ᠎ᠶᠢ ᠠᠬᠢᠭᠤᠯᠪᠠ᠃
ᠬᠠᠶ᠋ᠢᠨᠠᠨ ᠮᠤᠵᠢ᠎ᠶᠢᠨ ᠨᠠᠮ᠎ᠤᠨ ᠬᠤᠷᠢᠶᠠᠨ᠎ᠤ ᠳᠡᠳ᠋ ᠱᠦᠵᠢ ᠶᠠᠩ ᠶ᠋ᠢᠨ ᠪᠠᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠠᠩ ᠶ᠋ᠢᠨ ᠵᠥᠪᠯᠡᠯᠴᠡᠭᠡᠷ ᠳᠣᠬᠢᠷᠠᠯᠴᠠᠬᠤ ᠶᠣᠰᠣᠯᠠᠯ᠎ᠳᠤ ᠣᠷᠣᠯᠴᠠᠪᠠ᠃
ᠵᠥᠪᠯᠡᠯᠴᠡᠭᠡᠷ᠎ᠢ ᠦᠨᠳᠦᠰᠦᠯᠡᠪᠡᠯ᠂ ᠬᠤᠶᠠᠷ ᠲᠠᠯ᠎ᠠ᠎ᠪᠠᠷ᠎ᠢᠶᠠᠨ ᠨᠡᠬᠡᠭᠡᠯᠲᠡᠲᠦ ᠬᠥᠭᠵᠢᠯᠲᠡ᠂ ᠰᠢᠨ᠎ᠡ᠎ᠪᠠᠷ ᠬᠥᠭᠵᠢᠭᠰᠡᠨ ᠠᠵᠤ ᠦᠢᠯᠡᠰ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ᠂ ᠲᠤᠮᠤ ᠡᠷᠡᠭᠦᠯ ᠮᠡᠨᠳᠦ᠂ ᠮᠥᠩᠭᠦᠨ ᠭᠦᠢᠯᠭᠡᠭᠡ᠂ ᠪᠡᠶ᠎ᠡ᠎ᠶᠢᠨ ᠲᠠᠮᠢᠷ ᠵᠡᠷᠭᠡ ᠬᠦᠷᠢᠶᠡᠨ᠎ᠳᠤ ᠰᠣᠯᠢᠯᠴᠠᠭ᠎ᠠ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠪᠣᠯᠤᠨ᠎ᠠ᠃