ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2024-02-05



      2 ᠳ᠋ᠤᠭ᠋ᠠᠷ ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶ᠎ᠠ ᠲᠠᠯᠪᠢᠵᠠᠢ᠃
      ᠬᠤᠸᠠᠩ ᡁᠢ ᠴᠢᠶᠠᠩ ᠬᠡᠯᠡᠬᠦ᠎ᠳᠤ᠎ᠪᠠᠨ᠂ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠲᠤᠬᠠᠢ ᠵᠢᠨ ᠲᠠᠯᠠᠪᠠᠶ ᠵᠢᠨ ᠳᠠᠩᠰᠠᠯᠠᠯᠲᠠ ᠵᠢᠨ ᠠᠵᠢᠯ ᠵᠠᠩᠭᠢᠯᠠᠭ᠎ᠠ ᠵᠢᠨ ᠱᠠᠲᠤᠨ᠎ᠳᠤ᠎ᠪᠠᠨ ᠣᠷᠣᠪᠠ᠂ ᠥᠩᠭᠡᠷᠡᠭᠰᠡᠨ᠎ᠤ᠎ᠬᠢ᠎ᠲᠠᠢ ᠬᠠᠷᠢᠴᠠᠭᠤᠯᠪᠠᠯ᠂ ᠣᠢ᠌ᠷ᠎ᠠ ᠵᠢᠨ ᠬᠡᠳᠦᠨ ᠵᠢᠯ᠎ᠳᠤ ᠮᠠᠨ᠎ᠤ ᠣᠷᠣᠨ᠎ᠤ ᠡᠵᠡᠩᠨᠡᠯᠲᠡ ᠵᠢᠨ ᠭᠣᠣᠯ ᠴᠣᠭᠴᠠ᠎ᠨᠤᠭᠤᠳ ᠣᠭᠵᠤᠮ ᠨᠡᠮᠡᠭᠳᠡᠵᠦ᠂ ᠨᠡᠢ᠌ᠳᠡᠮ ᠪᠠᠢ᠌ᠴᠠᠭ᠋ᠠᠭᠳᠠᠬᠤ ᠡᠲᠡᠭᠡᠳ᠎ᠤᠨ ᠬᠦᠷᠢᠶ᠎ᠡ ᠬᠡᠪᠴᠢᠶ᠎ᠡ ᠶᠡᠬᠡ ᠪᠥᠭᠡᠳ ᠥᠷᠭᠡᠨ ᠪᠣᠯᠵᠠᠢ᠂ ᠲᠤᠬᠠᠢ ᠵᠢᠨ ᠲᠠᠯᠠᠪᠠᠶ ᠵᠢᠨ ᠳᠠᠩᠰᠠᠯᠠᠯᠲᠠ ᠵᠢᠨ ᠠᠵᠢᠯ᠎ᠢ ᠰᠠᠢ᠌ᠨ ᠬᠢᠭᠰᠡᠨ ᠡᠰᠡᠬᠦ᠎ᠨᠢ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠤᠨ ᠣᠯᠵᠤ ᠠᠯᠳᠠᠬᠤ᠎ᠲᠠᠢ ᠰᠢᠭᠤᠳ ᠬᠣᠯᠪᠤᠭᠳᠠᠨ᠎ᠠ᠃ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠲᠤᠬᠠᠢ ᠵᠢᠨ ᠲᠠᠯᠠᠪᠠᠶ ᠵᠢᠨ ᠳᠠᠩᠰᠠᠯᠠᠯᠲᠠ ᠵᠢᠨ ᠠᠵᠢᠯ᠎ᠤᠨ ᠲᠡᠷᠢᠭᠦᠨ ᠴᠢᠬᠤᠯᠠ ᠪᠠᠢ᠌ᠷᠢᠨ᠎ᠳᠤ ᠲᠠᠯᠪᠢᠬᠤ ᠵᠢ ᠪᠠᠷᠢᠮᠲᠠᠯᠠᠵᠤ᠂ ᠶᠠᠰᠤ ᠴᠢᠨᠠᠷ᠎ᠢ ᠡᠵᠡᠮᠳᠡᠬᠦ ᠬᠠᠷᠢᠭᠤᠴᠠᠯᠭ᠎ᠠ ᠵᠢ ᠭᠣᠭᠴᠣᠭ᠎ᠠ ᠨᠢᠭᠡ ᠪᠦᠷᠢ᠎ᠳᠤ ᠬᠦᠷᠲᠡᠯ᠎ᠡ ᠪᠣᠳᠠᠲᠠᠢ᠌ᠵᠢᠭᠤᠯᠵᠤ᠂ ᠴᠡᠭ ᠨᠢᠭᠡ ᠪᠦᠷᠢ ᠵᠢ ᠨᠢᠭᠲᠠ ᠠᠩᠬᠠᠷᠴᠤ᠂ ᠨᠡᠢ᠌ᠳᠡᠮ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢᠨ ᠦᠨᠡᠨ ᠪᠣᠳᠠᠲᠠᠢ ᠣᠨᠣᠪᠴᠢᠲᠠᠶ ᠨᠠᠢ᠌ᠳᠠᠪᠤᠷᠢᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠤᠬᠠᠭᠤᠯᠭ᠎ᠠ ᠵᠢ ᠲᠤᠬᠠᠢ ᠵᠢᠨ ᠲᠠᠯᠠᠪᠠᠶ ᠵᠢᠨ ᠳᠠᠩᠰᠠᠯᠠᠯᠲᠠ ᠵᠢᠨ ᠠᠵᠢᠯ᠎ᠤᠨ ᠴᠢᠨᠠᠷ ᠪᠠ ᠪᠦᠲᠦᠮᠵᠢ ᠵᠢ ᠳᠡᠭᠡᠭᠰᠢᠯᠡᠭᠦᠯᠬᠦ ᠬᠦᠴᠦᠲᠡᠢ ᠠᠷᠭ᠎ᠠ ᠪᠠᠷᠢᠯ ᠪᠣᠯᠭ᠋ᠠᠨ᠂ ᠡᠵᠡᠩᠨᠡᠯᠲᠡ ᠵᠢᠨ ᠭᠣᠣᠯ ᠴᠣᠭᠴᠠ᠎ᠨᠤᠭᠤᠳ᠎ᠤᠨ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢ ᠣᠢ᠌ᠯᠠᠭ᠋ᠠᠬᠤ᠂ ᠳᠡᠮᠵᠢᠬᠦ ᠪᠠ ᠬᠠᠮᠵᠢᠯᠴᠠᠬᠤ ᠬᠡᠮᠵᠢᠶ᠎ᠡ ᠵᠢ ᠴᠢᠨᠠᠭᠰᠢᠳᠠ ᠤᠯᠠᠮ ᠳᠡᠭᠡᠭᠰᠢᠯᠡᠭᠦᠯᠵᠦ᠂ ᠬᠠᠤᠯᠢ ᠶᠣᠰᠣᠭ᠋ᠠᠷ ᠨᠡᠢ᠌ᠳᠡᠮ ᠪᠠᠢ᠌ᠴᠠᠭ᠋ᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠰᠠᠢ᠌ᠲᠤᠷ ᠪᠣᠶ ᠪᠣᠯᠭ᠋ᠠᠬᠤ ᠬᠡᠷᠡᠭᠲᠡᠢ ᠭᠡᠪᠡ᠃
      ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠠ ᠤᠯᠠᠭ᠋ᠠᠨᠬᠠᠳᠠ ᠬᠤᠳᠠ᠂ ᠣᠷᠳᠣᠰ ᠬᠤᠳᠠ ᠬᠤᠷᠠᠯ ᠳᠡᠭᠡᠷ᠎ᠡ ᠭᠣᠣᠯᠳᠠᠯᠭ᠎ᠠ ᠲ᠋ᠠᠢ ᠶᠠᠷᠢᠶ᠎ᠠ ᠲᠠᠯᠪᠢᠵᠠᠢ᠃


ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ 15 ᠵᠦᠢ᠍ᠯ᠎ᠤᠨ ᠠᠷᠭ᠎ᠠ ᠬᠡᠮᠵᠢᠶ᠎ᠡ᠎ᠪᠠᠷ ᠥᠪᠥᠷ ᠮᠣᠩᠭᠣᠯ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠪᠡ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠪᠤᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠪᠠ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠪᠤᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠡᠲᠡᠭᠡᠳ᠎ᠢ ᠨᠡᠢ᠌ᠲᠡᠯᠡᠪᠡ
 
            