ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ 15 ᠵᠦᠢ᠍ᠯ᠎ᠤᠨ ᠠᠷᠭ᠎ᠠ ᠬᠡᠮᠵᠢᠶ᠎ᠡ᠎ᠪᠠᠷ ᠥᠪᠥᠷ ᠮᠣᠩᠭᠣᠯ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠪᠡ
ᠨᠡᠶ᠋ᠢᠲᠡᠯᠡᠭᠰᠡᠨ ᠴᠠᠭ᠄ 2024-02-05

   
    ᠣᠢ᠌ᠷ᠎ᠠ᠎ᠳᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ 《ᠥᠪᠥᠷ ᠮᠣᠩᠭᠣᠯ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠥᠯ》 (ᠳᠣᠷᠣᠭᠰᠢ 《ᠬᠡᠷᠡᠭᠵᠢᠭᠦᠯᠬᠦ ᠲᠥᠰᠥᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠵᠤ᠂ ᠲᠥᠷᠥ ᠵᠢᠨ ᠪᠣᠳᠣᠯᠭ᠎ᠠ᠂ ᠲᠥᠰᠥᠯ᠂ ᠣᠶᠤᠨ᠎ᠤ ᠲᠠᠯ᠎ᠠ᠎ᠪᠠᠷ ᠥᠪᠥᠷ ᠮᠣᠩᠭᠣᠯ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠵᠤ ᠳᠡᠮᠵᠢᠪᠡ᠃
   《ᠬᠡᠷᠡᠭᠵᠢᠭᠦᠯᠬᠦ ᠲᠥᠰᠥᠯ》 ᠪᠣᠯ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠥᠪᠥᠷ ᠮᠣᠩᠭᠣᠯ᠎ᠤᠨ ᠪᠣᠳᠠᠲᠤ ᠪᠠᠢ᠌ᠳᠠᠯ ᠪᠠ ᠬᠥᠭᠵᠢᠯᠲᠡ ᠵᠢᠨ ᠬᠡᠷᠡᠭᠴᠡᠭᠡ᠎ᠲᠠᠢ ᠨᠢᠭᠲᠠ ᠤᠶᠠᠯᠳᠤᠭᠤᠯᠤᠨ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂ ᠥᠪᠥᠷ ᠮᠣᠩᠭᠣᠯ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠡᠯ᠎ᠡ ᠵᠦᠢ᠍ᠯ᠎ᠤᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠳᠡᠮᠵᠢᠬᠦ ᠵᠢᠨ ᠲᠥᠯᠥᠭᠡ ᠲᠣᠭᠲᠠᠭ᠋ᠠᠭᠰᠠᠨ ᠪᠥᠬᠥ ᠲᠠᠯ᠎ᠠ ᠵᠢᠨ ᠢᠵᠢ ᠪᠦᠷᠢᠳᠦᠭᠰᠡᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠪᠣᠯᠣᠨ᠎ᠠ᠃
   《ᠬᠡᠷᠡᠭᠵᠢᠭᠦᠯᠬᠦ ᠲᠥᠰᠥᠯ》᠎ᠨᠢ 《ᠳᠤᠯᠠᠭ᠋ᠠᠯᠠᠭ᠎ᠠ ᠵᠢᠨ ᠢᠨᠵᠧᠨᠧᠷᠢᠩ》 ᠪᠠ ᠭᠣᠣᠯᠳᠠᠯᠭ᠎ᠠ᠎ᠲᠠᠢ ᠭᠠᠵᠠᠷ ᠣᠷᠣᠨ᠎ᠤ ᠴᠡᠪᠡᠷ ᠳᠤᠯᠠᠭ᠋ᠠᠯᠠᠭ᠎ᠠ ᠵᠢᠨ ᠥᠭᠡᠷᠡᠴᠢᠯᠡᠯᠲᠡ ᠵᠢ ᠠᠬᠢᠭᠤᠯᠬᠤ᠂ ᠣᠶᠤᠨᠴᠢ᠎ᠪᠠᠷ ᠢᠯᠴᠢ ᠬᠠᠩᠭ᠋ᠠᠬᠤ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠠᠵᠢᠯ᠎ᠢ ᠥᠷᠨᠢᠭᠦᠯᠬᠦ᠂ ᠠᠮᠢᠳᠤᠷᠠᠯ᠎ᠤᠨ ᠬᠣᠭ ᠨᠣᠪᠰᠢ ᠵᠢ ᠬᠣᠷᠢᠶᠠᠨ ᠴᠤᠭᠯᠠᠭᠤᠯᠵᠤ ᠰᠢᠯᠵᠢᠭᠦᠯᠦᠨ ᠵᠥᠭᠡᠭᠡᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠬᠦ᠂ ᠪᠣᠬᠢᠷ ᠤᠰᠤ ᠵᠢ ᠬᠣᠷᠢᠶᠠᠨ ᠴᠤᠭᠯᠠᠭᠤᠯᠵᠤ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠬᠦ᠂ ᠬᠣᠲᠠ ᠪᠠᠯᠭ᠋ᠠᠰᠤᠨ᠎ᠤ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠠᠬᠢᠭᠤᠯᠬᠤ᠂ ᠣᠷᠣᠨ ᠰᠠᠭᠤᠴᠠ ᠵᠢᠨ ᠪᠠᠲᠤᠯᠠᠭ᠎ᠠ ᠵᠢᠨ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠬᠦ᠂ ᠴᠢᠨᠠᠷ ᠰᠠᠢ᠌ᠲᠠᠢ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢ ᠬᠦᠴᠦᠯᠡᠨ ᠠᠬᠢᠭᠤᠯᠬᠤ᠂ ᠪᠦᠷᠢᠨ ᠪᠦᠲᠦᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠪᠠ ᠬᠣᠲᠠ ᠪᠠᠯᠭ᠋ᠠᠰᠤᠨ᠎ᠤ ᠬᠠᠭᠤᠴᠢᠨ ᠵᠢᠵᠢᠭ ᠬᠣᠷᠢᠶᠠᠯᠠᠯ᠎ᠤᠨ ᠥᠭᠡᠷᠡᠴᠢᠯᠡᠯᠲᠡ ᠵᠢ ᠶᠡᠬᠡ᠎ᠪᠠᠷ ᠥᠷᠨᠢᠭᠦᠯᠬᠦ᠂ ᠬᠣᠲᠠ ᠵᠢᠨ ᠰᠢᠲᠠᠮᠠᠬᠠᠢ ᠬᠡᠢ ᠵᠢᠨ ᠬᠣᠭᠣᠯᠠᠢ ᠵᠡᠷᠭᠡ ᠬᠠᠭᠤᠴᠢᠷᠠᠭᠰᠠᠨ᠎ᠢ ᠰᠢᠨᠡᠳᠬᠡᠨ ᠥᠭᠡᠷᠡᠴᠢᠯᠡᠬᠦ ᠵᠢ ᠲᠦᠷᠭᠡᠳᠬᠡᠨ ᠠᠬᠢᠭᠤᠯᠬᠤ᠂ ᠬᠤᠳᠠ ᠵᠢᠨ ᠰᠠᠭᠤᠷᠢ ᠪᠡᠯᠡᠳᠬᠡᠮᠵᠢ ᠵᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠡᠮᠬᠢ ᠵᠢᠷᠤᠮ᠎ᠲᠠᠢ᠎ᠪᠠᠷ ᠠᠬᠢᠭᠤᠯᠬᠤ᠂ ᠬᠤᠳᠠ ᠵᠢᠨ ᠤᠰᠤ ᠭᠠᠳᠠᠭᠰᠢᠯᠠᠭᠤᠯᠵᠤ ᠤᠰᠤᠲᠤᠯ᠎ᠢ ᠰᠡᠷᠭᠡᠢ᠌ᠯᠡᠬᠦ ᠢᠨᠵᠧᠨᠧᠷᠢᠩ᠎ᠤᠨ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠬᠤ᠂ ᠪᠦᠬᠦ ᠣᠷᠣᠨ ᠪᠦᠰᠡ ᠵᠢᠨ ᠬᠠᠶ᠋ᠢᠮᠢᠶᠠᠨ ᠬᠤᠳᠠ ᠵᠢᠨ ᠪᠦᠲᠦᠭᠡᠨ ᠪᠠᠢ᠌ᠭᠤᠯᠤᠯᠲᠠ ᠵᠢ ᠰᠢᠰᠲ᠋ᠧᠮᠵᠢᠭᠦᠯᠦᠨ ᠠᠬᠢᠭᠤᠯᠬᠤ᠂ ᠪᠠᠷᠢᠮᠵᠢᠶᠠᠵᠢᠭᠤᠯᠬᠤ ᠠᠵᠢᠯ᠎ᠤᠨ ᠲᠦᠪᠰᠢᠨ᠎ᠢ ᠳᠡᠭᠡᠭᠰᠢᠯᠡᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ᠂ ᠪᠠᠷᠢᠯᠭ᠎ᠠ ᠵᠢᠨ ᠦᠢ᠍ᠯᠡᠰ᠎ᠤᠨ 《ᠴᠢᠭᠢᠷᠠᠭᠵᠢᠬᠤ》 ᠵᠢ ᠠᠬᠢᠭᠤᠯᠬᠤ ᠵᠡᠷᠭᠡ 15 ᠲᠠᠯ᠎ᠠ᠎ᠪᠠᠷ ᠪᠣᠳᠠᠲᠠᠢ ᠳᠡᠮᠵᠢᠬᠦ ᠠᠷᠭ᠎ᠠ ᠬᠡᠮᠵᠢᠶ᠎ᠡ ᠣᠯᠭᠣᠵᠤ᠂ ᠪᠣᠳᠠᠲᠠᠢ ᠡᠭᠦᠷᠭᠡ ᠵᠢ ᠵᠦᠢ᠍ᠯ ᠳᠠᠷᠠᠭ᠋ᠠᠯᠠᠨ ᠲᠣᠳᠣᠷᠬᠠᠢ᠌ᠯᠠᠵᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠪᠠᠢ᠌ᠭᠤᠯᠭ᠎ᠠ ᠵᠢᠨ ᠡᠯ᠎ᠡ ᠨᠢᠭᠡᠴᠢ᠂ ᠰᠢᠭᠤᠳ ᠬᠠᠷᠢᠶ᠎ᠠ ᠡᠯ᠎ᠡ ᠨᠢᠭᠡᠴᠢ᠎ᠳᠤ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ ᠡᠯ᠎ᠡ ᠵᠦᠢ᠍ᠯ᠎ᠤᠨ ᠳᠡᠮᠵᠢᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠳᠡᠮᠵᠢᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
    ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠡᠨᠡ ᠬᠦ᠌ ᠲᠣᠬᠢᠶᠠᠯ᠎ᠢ ᠴᠢᠩᠭ᠎ᠠ ᠠᠳᠬᠤᠵᠤ᠂ ᠨᠡᠪᠲᠡᠷᠡᠯᠴᠡᠨ ᠵᠣᠯᠭ᠋ᠠᠭᠤᠯᠬᠤ ᠵᠢ ᠰᠠᠨᠠᠭ᠋ᠠᠴᠢᠯᠠᠭ᠎ᠠ᠎ᠠᠴᠠ᠎ᠪᠠᠨ ᠬᠢᠨᠠᠮᠠᠭ᠋ᠠᠢ ᠰᠠᠢ᠌ᠲᠤᠷ ᠬᠢᠵᠦ᠂ ᠠᠵᠢᠯ᠎ᠤᠨ ᠲᠥᠰᠥᠯ ᠲᠣᠭᠲᠠᠭ᠋ᠠᠨ᠂ ᠠᠵᠢᠯ᠎ᠤᠨ ᠠᠷᠭ᠎ᠠ ᠪᠠᠷᠢᠯ ᠵᠶ᠋ᠠᠨ ᠨᠠᠷᠢᠯᠢᠭᠵᠢᠭᠤᠯᠵᠤ᠂ 《ᠬᠡᠷᠡᠭᠵᠢᠭᠦᠯᠬᠦ ᠲᠥᠰᠥᠯ》᠎ᠳᠤ ᠲᠣᠭᠲᠠᠭ᠋ᠠᠭᠰᠠᠨ ᠵᠦᠢ᠍ᠯᠡᠰ᠎ᠢ ᠳᠠᠷᠠᠭ᠋ᠠᠯᠠᠨ ᠨᠠᠢ᠌ᠳᠠᠪᠤᠷᠢᠵᠢᠭᠤᠯᠬᠤ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ ᠬᠠᠷᠠᠯᠲᠠ ᠵᠢ ᠪᠡᠶᠡᠯᠡᠭᠦᠯᠬᠦ᠎ᠳᠤ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠬᠦᠴᠦ᠎ᠪᠠᠨ   ᠨᠡᠮᠡᠷᠢᠯᠡᠬᠦ᠎ᠪᠠᠷ ᠴᠢᠷᠮᠠᠢ᠌ᠨ᠎ᠠ᠃
 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠪᠤᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠪᠠ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠪᠤᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠡᠲᠡᠭᠡᠳ᠎ᠢ ᠨᠡᠢ᠌ᠲᠡᠯᠡᠪᠡ
ᠰᠦᠨ ᠵᠢᠶᠦ᠋ᠨ ᠴᠢᠩ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠹᠢᠽᠢᠺ ᠰᠤᠳᠤᠯᠬᠤ ᠭᠠᠵᠠᠷ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠶᠠᠷᠢᠯᠴᠠᠪᠠ
 
            