ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
2024 ᠣᠨ᠎ᠳᠤ ᠥᠪᠥᠷ ᠮᠣᠩᠭᠣᠯ 1500 ᠲᠦᠮᠡᠨ ᠮᠦ᠍᠎ᠠᠴᠠ ᠳᠡᠭᠡᠭᠰᠢ ᠡᠯᠡᠰᠦᠷᠡᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ᠎ᠪᠠᠷ ᠲᠥᠯᠥᠪᠯᠡᠵᠦ ᠪᠣᠶ
ᠨᠡᠶ᠋ᠢᠲᠡᠯᠡᠭᠰᠡᠨ ᠴᠠᠭ᠄ 2024-02-05


      2 ᠳ᠋ᠤᠭ᠋ᠠᠷ ᠰᠠᠷ᠎ᠠ ᠵᠢᠨ 4᠎ᠤ ᠡᠳᠦᠷ ᠬᠤᠷᠠᠯᠳᠤᠭᠤᠯᠤᠭᠰᠠᠨ ᠪᠥᠬᠥ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠠᠵᠢᠯ᠎ᠤᠨ ᠸᠢᠳᠢᠣ᠋ ᠬᠤᠷᠠᠯ᠎ᠠᠴᠠ ᠣᠢ᠌ᠯᠠᠭ᠋ᠠᠭᠰᠠᠨ ᠵᠶ᠋ᠠᠷ᠂ 2024 ᠣᠨ᠎ᠳᠤ ᠮᠠᠨ᠎ᠤ ᠣᠷᠣᠨ 300 ᠲᠦᠮᠡᠨ ᠮᠦ᠍᠎ᠠᠴᠠ ᠳᠡᠭᠡᠭᠰᠢ ᠣᠢ᠌ᠵᠢᠭᠤᠯᠵᠤ᠂ 1300 ᠲᠦᠮᠡᠨ ᠮᠦ᠍᠎ᠠᠴᠠ ᠳᠡᠭᠡᠭᠰᠢ ᠡᠪᠡᠰᠦ ᠳᠠᠷᠢᠵᠤ᠂ 1500 ᠲᠦᠮᠡᠨ ᠮᠦ᠍᠎ᠠᠴᠠ ᠳᠡᠭᠡᠭᠰᠢ ᠡᠯᠡᠰᠦᠷᠡᠬᠦ ᠵᠢ ᠰᠡᠷᠭᠡᠢ᠌ᠯᠡᠨ ᠡᠯᠡᠰᠦ ᠵᠢ ᠵᠠᠰᠠᠬᠤ᠎ᠪᠠᠷ ᠲᠥᠯᠥᠪᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠪᠠᠷ ᠴᠢᠷᠮᠠᠢ᠌ᠵᠤ ᠪᠤᠢ᠃
      ᠤᠮᠠᠷᠠᠲᠤ ᠵᠢᠨ ᠭᠤᠷᠪᠠᠨ ᠣᠷᠣᠨ᠎ᠤ 13 ᠮᠤᠵᠢ ᠣᠷᠣᠨ᠎ᠤ ᠳᠣᠲᠣᠷᠠᠬᠢ ᠡᠭᠦᠷᠭᠡ ᠬᠠᠮᠤᠭ᠎ᠤᠨ ᠬᠦᠨᠳᠦ᠂ ᠬᠠᠷᠢᠭᠤᠴᠠᠯᠭ᠎ᠠ ᠬᠠᠮᠤᠭ᠎ᠤᠨ ᠶᠡᠬᠡ ᠮᠤᠵᠢ ᠣᠷᠣᠨ ᠪᠣᠯᠤᠭᠰᠠᠨ᠎ᠤ ᠬᠤᠪᠢ᠎ᠳᠤ᠂ 2024 ᠣᠨ᠎ᠳᠤ ᠥᠪᠥᠷ ᠮᠣᠩᠭᠣᠯ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠎ᠤᠨ ᠰᠢᠪᠲᠤᠯᠤᠯᠲᠠ ᠵᠢ ᠦᠷᠭᠦᠯᠵᠢᠯᠡᠨ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠡᠯᠡᠰᠦᠷᠡᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦ᠎ᠪᠠᠷ ᠴᠠᠬᠢᠯᠭ᠋ᠠᠨ ᠭᠠᠷᠭ᠋ᠠᠬᠤ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠰᠢᠨ᠎ᠡ ᠡᠨᠧᠷᠭᠢ᠎ᠪᠠᠷ 90 ᠲᠦᠮᠡᠨ ᠮᠦ᠍᠎ᠠᠴᠠ ᠳᠡᠭᠡᠭᠰᠢ ᠡᠯᠡᠰᠦ ᠵᠢ ᠵᠠᠰᠠᠬᠤ ᠵᠢ ᠴᠢᠨᠠᠷ ᠰᠠᠢ᠌ᠲᠠᠢ ᠪᠡᠶᠡᠯᠡᠭᠦᠯᠬᠦ᠎ᠪᠠᠷ ᠴᠢᠷᠮᠠᠢ᠌ᠨ᠎ᠠ᠃ ᠣᠶ ᠰᠢᠭᠤᠢ ᠨᠤᠲᠤᠭ ᠪᠡᠯᠴᠢᠭᠡᠷ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠵᠦ᠂ ᠣᠶ ᠰᠢᠭᠤᠢ ᠵᠢᠨ ᠶᠠᠰᠤ ᠴᠢᠨᠠᠷ᠎ᠢ ᠨᠠᠷᠢᠯᠢᠭ ᠣᠨᠣᠴᠠᠲᠠᠢ᠎ᠪᠠᠷ ᠳᠡᠭᠡᠭᠰᠢᠯᠡᠭᠦᠯᠬᠦ ᠢᠨᠵᠧᠨᠧᠷᠢᠩ᠂ ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠴᠢᠬᠤᠯᠠ ᠶᠡᠬᠡ ᠢᠨᠵᠧᠨᠧᠷᠢᠩ᠂ ᠭᠣᠣᠯᠳᠠᠯᠭ᠎ᠠ᠎ᠲᠠᠢ ᠣᠷᠣᠨ ᠪᠦᠰᠡ ᠵᠢᠨ ᠨᠣᠭᠣᠭ᠋ᠠᠷᠠᠭᠤᠯᠤᠯᠲᠠ ᠵᠢ ᠬᠡᠷᠡᠭᠵᠢᠭᠦᠯᠦᠨ᠂ ᠬᠡᠪᠴᠢᠶᠡᠵᠢᠭᠦᠯᠦᠭᠰᠡᠨ ᠣᠶ ᠰᠢᠭᠤᠢ ᠵᠢᠨ ᠲᠠᠯᠠᠪᠠᠶ ᠵᠢᠨ ᠲᠤᠷᠰᠢᠯᠲᠠ ᠵᠢᠨ ᠴᠡᠭ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠥᠬᠥ ᠵᠢᠯ᠎ᠳᠤ 88.92 ᠲᠦᠮᠡᠨ ᠮᠦ᠍ ᠣᠶ ᠰᠢᠭᠤᠢ ᠵᠢ ᠠᠷᠠᠴᠢᠯᠠᠨ ᠪᠣᠢ᠌ᠵᠢᠭᠤᠯᠬᠤ᠂ 573 ᠲᠦᠮᠡᠨ ᠮᠦ᠍ ᠮᠠᠭᠤᠳᠠᠭᠰᠠᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ᠂ 12 ᠲᠦᠮᠡᠨ ᠮᠦ᠍ ᠭᠣᠣᠯᠳᠠᠯᠭ᠎ᠠ᠎ᠲᠠᠢ ᠣᠷᠣᠨ ᠪᠦᠰᠡ ᠵᠢᠨ ᠨᠣᠭᠣᠭ᠋ᠠᠷᠠᠭᠤᠯᠤᠯᠲᠠ ᠵᠢ ᠪᠡᠶᠡᠯᠡᠭᠦᠯᠵᠦ᠂ 255.5 ᠲᠦᠮᠡᠨ ᠮᠦ᠍ ᠬᠡᠪᠴᠢᠶᠡᠵᠢᠭᠦᠯᠦᠭᠰᠡᠨ ᠣᠶ ᠰᠢᠭᠤᠢ ᠵᠢᠨ ᠲᠠᠯᠠᠪᠠᠶ ᠵᠢᠨ ᠠᠮᠢ ᠠᠬᠤᠢ ᠵᠢᠨ ᠪᠠᠢ᠌ᠭᠤᠯᠤᠯᠲᠠ ᠵᠢᠨ ᠡᠭᠦᠷᠭᠡ ᠵᠢ ᠪᠡᠶᠡᠯᠡᠭᠦᠯᠦᠨ᠎ᠡ᠃
      ᠡᠭᠦᠨ᠎ᠤ ᠬᠠᠮᠲᠤ ᠪᠠᠰᠠ ᠲᠦᠯᠦᠪᠯᠡᠭᠡ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠤᠯᠤᠰ᠎ᠤᠨ ᠣᠷᠣᠭᠤᠯᠤᠯᠲᠠ᠎ᠪᠠᠷ ᠭᠣᠣᠯ ᠪᠣᠯᠭ᠋ᠠᠨ᠂ ᠣᠷᠣᠨ ᠨᠤᠲᠤᠭ᠎ᠤᠨ ᠢᠵᠢ ᠪᠦᠷᠢᠳᠦᠭᠦᠯᠬᠦ᠎ᠪᠠᠷ ᠬᠠᠪᠰᠤᠷᠤᠮᠵᠢ ᠪᠣᠯᠭ᠋ᠠᠵᠤ᠂ ᠠᠵᠤ ᠠᠬᠤᠢ᠌ᠯᠠᠯ᠎ᠤᠳ ᠥᠷᠭᠡᠨ ᠵᠶ᠋ᠡᠷ ᠣᠷᠣᠯᠴᠠᠭᠰᠠᠨ 《1+N》 ᠣᠯᠠᠨ ᠡᠰᠢᠲᠦ ᠣᠷᠣᠭᠤᠯᠤᠯᠲᠠ ᠵᠢᠨ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠠᠵᠢᠯ ᠣᠯᠭᠣᠯᠲᠠ᠎ᠪᠠᠷ ᠲᠡᠳᠬᠦᠮᠵᠢ ᠵᠢ ᠣᠷᠣᠯᠠᠭᠤᠯᠬᠤ᠂ ᠤᠷᠢᠳ ᠵᠶ᠋ᠠᠷ ᠪᠠᠢ᠌ᠭᠤᠯᠵᠤ ᠳᠠᠷᠠᠭ᠎ᠠ᠎ᠨᠢ ᠨᠥᠬᠥᠪᠦᠷᠢᠯᠡᠬᠦ ᠵᠡᠷᠭᠡ ᠠᠷᠭ᠎ᠠ ᠮᠠᠶᠢᠭ᠎ᠢ ᠰᠦᠪᠡᠭᠴᠢᠯᠡᠨ ᠳᠡᠯᠭᠡᠷᠡᠭᠦᠯᠵᠦ᠂ ᠨᠠᠩ ᠣᠯᠠᠨ ᠮᠠᠯᠴᠢᠳ ᠲᠠᠷᠢᠶᠠᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠡᠯᠡᠰᠦᠷᠡᠬᠦ ᠵᠢ ᠰᠡᠷᠭᠡᠢ᠌ᠯᠡᠨ ᠡᠯᠡᠰᠦ ᠵᠢ ᠵᠠᠰᠠᠬᠤ᠎ᠳᠤ ᠰᠢᠭᠤᠳ ᠣᠷᠣᠯᠴᠠᠭᠤᠯᠵᠤ᠂ ᠡᠷᠬᠢᠨ ᠲᠣᠭᠣᠷᠢᠨ᠎ᠤ ᠮᠤᠵᠢ ᠣᠷᠣᠨ᠎ᠯᠤᠭ᠎ᠠ ᠲᠣᠭᠲᠠᠭᠰᠠᠨ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠵᠠᠰᠠᠬᠤ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠢ ᠪᠥᠬᠥ ᠲᠠᠯ᠎ᠠ᠎ᠪᠠᠷ ᠰᠠᠢ᠌ᠲᠤᠷ ᠨᠠᠢ᠌ᠳᠠᠪᠤᠷᠢᠵᠢᠭᠤᠯᠵᠤ᠂ ᠬᠠᠮᠵᠢᠯᠴᠠᠨ ᠡᠯᠡᠰᠦ ᠵᠢ ᠵᠠᠰᠠᠬᠤ᠂ ᠡᠯᠡᠰᠦ ᠵᠢ ᠬᠠᠮᠢᠶᠠᠷᠬᠤ᠂ ᠡᠯᠡᠰᠦ ᠵᠢ ᠬᠡᠷᠡᠭᠯᠡᠬᠦ ᠠᠵᠢᠯ᠎ᠤᠨ ᠵᠠᠭᠪᠤᠷ᠎ᠢ ᠪᠠᠢ᠌ᠭᠤᠯᠤᠨ᠎ᠠ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ 15 ᠵᠦᠢ᠍ᠯ᠎ᠤᠨ ᠠᠷᠭ᠎ᠠ ᠬᠡᠮᠵᠢᠶ᠎ᠡ᠎ᠪᠠᠷ ᠥᠪᠥᠷ ᠮᠣᠩᠭᠣᠯ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠪᠡ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠪᠤᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠪᠠ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠪᠤᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠡᠲᠡᠭᠡᠳ᠎ᠢ ᠨᠡᠢ᠌ᠲᠡᠯᠡᠪᠡ
 
            