
ᠬᠠᠪᠤᠷ᠎ᠤᠨ ᠤᠷᠢᠨ ᠳᠤᠯᠠᠭ᠋ᠠᠨ᠂ ᠲᠦᠮᠡᠨ ᠪᠣᠳᠠᠰ ᠠᠮᠢᠯᠠᠨ ᠰᠡᠷᠭᠦᠭᠰᠡᠨ ᠡᠨᠡ ᠬᠦ᠌ ᠰᠠᠢ᠌ᠨ ᠰᠠᠢ᠌ᠬᠠᠨ ᠤᠯᠠᠷᠢᠯ᠎ᠳᠤ᠂ 3 ᠳ᠋ᠤᠭ᠋ᠠᠷ ᠰᠠᠷ᠎ᠠ ᠵᠢᠨ 8᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠮᠡᠭᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠲᠥᠯᠥᠭᠡᠯᠡᠭᠴᠢᠳ᠎ᠢ ᠵᠣᠬᠢᠶᠠᠨ ᠪᠠᠢ᠌ᠭᠤᠯᠵᠤ ᠶᠠᠷᠢᠯᠴᠠᠬᠤ ᠬᠤᠷᠠᠯ ᠬᠢᠵᠦ ᠰᠠᠨᠠᠯ ᠵᠶ᠋ᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠹᠸᠩ ᠵᠢᠶᠠ ᠵᠢᠤᠢ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃

ᠹᠸᠡᠭ ᠵᠢᠶᠠ ᠵᠢᠤᠢ ᠡᠩ ᠲᠡᠷᠢᠭᠦᠨ᠎ᠳᠤ ᠡᠮᠡᠭᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠪᠠ ᠰᠠᠢ᠌ᠨ ᠰᠠᠢ᠌ᠬᠠᠨ ᠵᠥᠩᠨᠡᠯ ᠳᠡᠪᠰᠢᠭᠦᠯᠦᠭᠰᠡᠨ ᠪᠥᠭᠡᠳ ᠡᠮᠡᠭᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠡᠯ᠎ᠡ ᠬᠦᠷᠢᠶ᠎ᠡ ᠡᠯ᠎ᠡ ᠹᠷᠣᠨᠲ ᠳᠡᠭᠡᠷ᠎ᠡ ᠪᠠᠳᠠᠷᠠᠭᠤᠯᠤᠭᠰᠠᠨ《ᠲᠥᠷᠥ ᠵᠢᠨ ᠬᠠᠭ᠋ᠠᠰ ᠲᠤᠯᠭ᠋ᠠᠭᠤᠷᠢ》ᠵᠢᠨ ᠦᠢᠯᠡᠳᠦᠯ᠎ᠢ ᠳᠡᠭᠡᠳᠦ ᠬᠡᠮᠵᠢᠶ᠎ᠡ᠎ᠪᠠᠷ ᠨᠤᠲᠠᠯᠠᠪᠠ᠃ ᠲᠡᠷᠡ᠂ ᠣᠢ᠌ᠷ᠎ᠠ ᠵᠢᠨ ᠵᠢᠯ᠎ᠠᠴᠠ ᠨᠠᠭ᠋ᠠᠰᠢ᠂ ᠥᠷᠭᠡᠨ ᠣᠯᠠᠨ ᠡᠮᠡᠭᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠰ᠎ᠤᠨ ᠬᠥᠭᠵᠢᠯᠲᠡ ᠵᠢᠨ ᠶᠠᠪᠤᠴᠠ᠎ᠳᠤ ᠴᠢᠬᠤᠯᠠ ᠦᠢᠯᠡᠳᠦᠯ ᠦᠵᠡᠭᠦᠯᠵᠦ᠂ ᠢᠯᠠᠩᠭᠤᠶ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠂ ᠳᠡᠭᠡᠳᠦ ᠡᠨᠧᠷᠭᠢ ᠵᠢᠨ ᠲᠠᠰ᠎ᠤᠨ ᠲᠠᠪᠴᠠᠩ᠎ᠤᠨ ᠪᠠᠢ᠌ᠭᠤᠯᠤᠯᠲᠠ᠂ ᠰᠠᠭᠤᠷᠢ ᠬᠡᠷᠡᠭᠯᠡᠭᠡᠨ᠎ᠤ ᠰᠤᠳᠤᠯᠭ᠋ᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ ᠵᠡᠷᠭᠡ ᠲᠠᠯ᠎ᠠ᠎ᠪᠠᠷ ᠯᠤᠲᠤ ᠶᠡᠬᠡ ᠬᠤᠪᠢ ᠨᠡᠮᠡᠷᠢ ᠦᠵᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ᠎ᠳᠤ ᠰᠦᠷ ᠳᠠᠯᠠᠢ᠌ᠴᠠ᠎ᠲᠠᠶ ᠬᠥᠳᠡᠯᠭᠡᠬᠦ ᠬᠦᠴᠦᠨ ᠨᠡᠮᠡᠷᠢᠯᠡᠪᠡ᠃
ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠳᠠᠷᠤᠭ᠎ᠠ ᠳ᠋ᠦᠩ ᠢᠦᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠲᠠᠯ᠎ᠠ ᠨᠤᠲᠤᠭ ᠬᠢᠭᠡᠳ ᠡᠬᠢ ᠪᠠᠶᠠᠯᠢᠭ ᠣᠷᠴᠢᠨ ᠲᠣᠭᠣᠷᠢᠨ᠎ᠤ ᠳᠡᠭᠡᠳᠦ ᠰᠤᠷᠭ᠋ᠠᠭᠤᠯᠢ ᠵᠢᠨ ᠫᠷᠤᠹᠧᠰᠰᠤᠷ ᠷᠧᠨ ᠬᠠᠶ ᠶᠠᠨ ᠵᠡᠷᠭᠡ 8 ᠡᠮᠡᠭᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ ᠠᠵᠢᠯ᠎ᠤᠨ ᠪᠣᠳᠠᠲᠤ ᠪᠠᠢ᠌ᠳᠠᠯ ᠪᠠ ᠠᠵᠢᠯ ᠲᠥᠷᠥᠯ᠎ᠤᠨ ᠣᠨᠴᠠᠯᠢᠭ᠎ᠲᠠᠢ᠎ᠪᠠᠨ ᠤᠶᠠᠯᠳᠤᠭᠤᠯᠤᠨ᠂ ᠲᠣᠰ ᠲᠣᠰ᠎ᠤᠨ ᠵᠶ᠋ᠠᠨ ᠪᠣᠳᠣᠯ ᠰᠡᠳᠬᠢᠯ᠎ᠤᠨ ᠥᠩᠭᠡᠷᠡᠯᠲᠡ ᠪᠠ ᠨᠡᠢ᠌ᠲᠡᠯᠢᠭ ᠦᠢᠯᠡ ᠠᠵᠢᠯᠯᠠᠭ᠎ᠠ᠎ᠪᠠᠨ ᠬᠤᠪᠢᠶᠠᠯᠴᠠᠭᠰᠠᠨ ᠪᠥᠭᠡᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠰᠢᠪᠲᠤᠯᠤᠯᠲᠠ ᠬᠢᠬᠦ》 ᠢᠨᠵᠧᠨᠧᠷᠢᠩ᠎ᠤᠨ ᠲᠣᠭᠣᠷᠢᠨ᠎ᠳᠤ ᠬᠤᠪᠢ ᠨᠡᠮᠡᠷᠢ ᠦᠵᠡᠭᠦᠯᠬᠦ ᠪᠠ ᠡᠷᠡᠯᠬᠡᠭᠯᠡᠨ ᠤᠷᠤᠭᠰᠢᠯᠠᠬᠤ᠂ ᠬᠥᠭᠵᠢᠯᠲᠡ ᠪᠠ ᠬᠡᠷᠡᠭᠴᠡᠭᠡ ᠱᠠᠭ᠋ᠠᠷᠳᠠᠯᠭ᠎ᠠ ᠵᠢ ᠠᠭᠤᠵᠢᠷᠠᠲᠠᠯ᠎ᠠ ᠶᠠᠷᠢᠯᠴᠠᠵᠤ᠂ ᠲᠣᠭ᠋ᠠᠴᠢᠯᠲᠠ᠎ᠳᠠᠭᠠᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ《ᠡᠮᠡᠭᠲᠡᠢ᠌ᠴᠦᠳ᠎ᠤᠨ ᠬᠦᠴᠦᠨ ᠴᠢᠳᠠᠯ》᠎ᠢ ᠳᠡᠯᠭᠡᠨ ᠦᠵᠡᠭᠦᠯᠵᠡᠶ᠃ ᠬᠤᠷᠠᠯ᠎ᠳᠤ ᠡᠮᠡᠭᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠂ ᠴᠢᠨᠠᠭᠰᠢᠳᠠ ᠬᠦᠷᠢᠶ᠎ᠡ ᠴᠠᠷᠠᠭ᠎ᠠ ᠵᠢᠨ ᠰᠤᠳᠤᠯᠭ᠋ᠠᠨ ᠵᠶ᠋ᠠᠨ ᠭᠦᠨᠵᠡᠭᠡᠢ᠌ᠷᠡᠭᠦᠯᠵᠦ᠂ ᠰᠤᠷᠤᠯᠴᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠣᠶᠤᠨ ᠰᠠᠨᠠᠭ᠋ᠠᠨ᠎ᠤ ᠠᠬᠤᠶ ᠪᠠᠢ᠌ᠳᠠᠯ ᠵᠶ᠋ᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠤᠯᠤᠰ ᠵᠶ᠋ᠠᠨ ᠮᠠᠨᠳᠤᠭᠤᠯᠵᠤ ᠤᠯᠤᠰ ᠵᠶ᠋ᠠᠨ ᠬᠦᠴᠦᠷᠬᠡᠭᠵᠢᠭᠦᠯᠬᠦ ᠢᠲᠡᠭᠡᠯ ᠵᠣᠷᠢᠭ ᠵᠶ᠋ᠠᠨ ᠦᠷᠭᠦᠯᠵᠢᠯᠡᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠦᠨᠳᠦ ᠡᠭᠦᠷᠭᠡ ᠵᠢ ᠡᠭᠦᠷᠭᠡᠯᠡᠵᠦ᠂ ᠥᠭᠦᠯᠡᠯ ᠵᠶ᠋ᠡᠨ ᠡᠬᠡ ᠤᠯᠤᠰ᠎ᠤᠨ ᠡᠬᠡ ᠭᠠᠵᠠᠷ᠎ᠲᠤ ᠪᠢᠴᠢᠭᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ ᠵᠢᠨ ᠰᠦᠷ ᠵᠢᠪᠬᠤᠯᠠᠩᠲᠤ ᠠᠶᠠᠨ ᠵᠠᠮ᠎ᠳᠤ ᠰᠢᠨ᠎ᠡ ᠴᠠᠭ ᠦᠶ᠎ᠡ ᠵᠢᠨ 《ᠲᠥᠷᠥ ᠵᠢᠨ ᠬᠠᠭ᠋ᠠᠰ ᠲᠤᠯᠭ᠋ᠠᠭᠤᠷᠢ》 ᠵᠢᠨ ᠰᠢᠨ᠎ᠡ ᠦᠨᠳᠦᠷᠴᠡ ᠵᠢ ᠲᠡᠮᠳᠡᠭᠯᠡᠵᠦ ᠥᠭᠭᠦᠨ᠎ᠡ ᠭᠡᠵᠦ ᠢᠯᠡᠳᠬᠡᠵᠡᠭᠡᠪᠡ᠃
ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠎ᠡ᠃ ᠹᠸᠡᠭ ᠵᠢᠶᠠ ᠵᠢᠤᠢ ᠴᠢᠬᠤᠯᠠᠴᠢᠯᠠᠭᠰᠠᠨ᠎ᠨᠢ᠂ ᠣᠳᠣ᠂ ᠪᠢᠳᠡ ᠶᠠᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠠᠬᠢᠭᠤᠯᠬᠤ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ᠂ ᠢᠳᠡ ᠠᠪᠬᠤ ᠱᠠᠲᠤᠨ᠎ᠳᠤ ᠪᠠᠢ᠌ᠵᠤ᠂ ᠡᠮᠡᠭᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ ᠢᠮᠠᠭᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠬᠡᠷᠡᠭᠲᠡᠶ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠤᠯ ᠰᠢᠵᠢᠮ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠮᠦᠨ᠎ᠡ ᠵᠠᠬ᠎ᠠ᠎ᠳᠤ ᠵᠣᠷᠢᠭᠲᠠᠶ᠎ᠪᠠᠷ ᠬᠠᠢ᠌ᠨ ᠰᠦᠪᠡᠭᠴᠢᠯᠡᠬᠦ᠎ᠪᠠᠷ ᠴᠢᠷᠮᠠᠢ᠌ᠬᠤ ᠬᠡᠷᠡᠭᠲᠡᠶ᠂ ᠨᠢᠭᠡ ᠪᠦᠯᠦᠭ ᠬᠤᠪᠢᠷᠠᠵᠤ ᠪᠣᠯᠬᠤ᠂ ᠨᠠᠢ᠌ᠳᠠᠪᠤᠷᠢᠵᠢᠭᠤᠯᠵᠤ ᠪᠣᠯᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠂ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ ᠵᠢᠨ ᠬᠥᠭᠵᠢᠯᠲᠡ᠎ᠳᠤ ᠵᠠᠩᠭᠢᠯᠠᠭ᠎ᠠ ᠵᠢᠨ ᠲᠤᠯᠭ᠋ᠠᠭᠤᠷᠢᠯᠠᠯ ᠬᠠᠩᠭ᠋ᠠᠨ᠎ᠠ; ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠰᠢᠪᠲᠤᠯᠤᠯᠲᠠ 》ᠵᠢᠨ ᠢᠨᠵᠧᠨᠧᠷᠢᠩ᠎ᠤᠨ 《ᠲᠠᠪᠤᠨ ᠶᠡᠬᠡ ᠬᠦᠷᠢᠶ᠎ᠡ ᠴᠠᠷᠠᠭ᠎ᠠ》 ᠪᠣᠯᠤᠨ 《ᠨᠠᠢᠮᠠᠨ ᠶᠡᠬᠡ ᠴᠢᠭᠯᠡᠯ》᠎ᠤᠨ ᠲᠣᠭᠣᠷᠢᠨ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠮᠠᠨᠳᠤᠭᠰᠠᠨ ᠠᠵᠤ ᠦᠢᠯᠡᠰ ᠪᠣᠯᠤᠨ ᠢᠷᠡᠭᠡᠳᠦᠶ ᠵᠢᠨ ᠠᠵᠤ ᠦᠢᠯᠡᠰ᠎ᠢ ᠪᠣᠢ᠌ᠵᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠠᠬᠢᠭᠤᠯᠤᠨ ᠪᠦᠷᠢᠯᠳᠦᠭᠦᠯᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠲᠠᠯ᠎ᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠢᠨ ᠬᠦᠴᠦᠨ ᠨᠡᠮᠡᠷᠢᠯᠡᠭᠰᠡᠨ ᠥᠪᠥᠷ ᠮᠣᠩᠭᠣᠯ᠎ᠤᠨ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠪᠠᠢ᠌ᠳᠠᠯ᠎ᠢ ᠪᠥᠬᠥ ᠬᠦᠴᠦᠨ ᠵᠶ᠋ᠡᠷ ᠵᠶ᠋ᠡᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠬᠠᠮᠢᠶ᠎ᠠ ᠪᠥᠬᠥᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃