ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ ᠬᠠᠮᠲᠤᠷᠠᠨ ᠮᠡᠳᠡᠭᠳᠡᠯ ᠪᠠᠭᠤᠯᠭ᠋ᠠᠵᠤ᠂ ᠥᠪᠥᠷ ᠮᠣᠩᠭᠣᠯ᠎ᠤᠨ ᠵᠧᠨ ᠵᠢᠨ ᠦᠷ᠎ᠡ ᠵᠢᠨ ᠦᠢᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠡᠷᠳᠡᠨᠢ ᠰᠢᠰᠢ ᠵᠢᠨ ᠦᠷ᠎ᠡ ᠵᠢᠨ ᠦᠢᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠺᠠᠳᠧᠮᠢᠴᠢ ᠵᠢᠨ ᠲᠤᠰᠬᠠᠶ ᠮᠡᠷᠭᠡᠵᠢᠯᠲᠡᠨ᠎ᠤ ᠠᠵᠢᠯᠯᠠᠬᠤ ᠥᠷᠲᠡᠭᠡ ᠵᠡᠷᠭᠡ ᠠᠺᠠᠳᠧᠮᠢᠴᠢ ᠵᠢᠨ ᠲᠤᠰᠬᠠᠶ ᠮᠡᠷᠭᠡᠵᠢᠯᠲᠡᠨ᠎ᠤ 7 ᠠᠵᠢᠯᠯᠠᠬᠤ ᠥᠷᠲᠡᠭᠡ ᠵᠢ ᠳᠠᠩᠰᠠᠯᠠᠭᠤᠯᠪᠠ᠃ ᠡᠨᠳᠡ ᠬᠦᠷᠦᠭᠡᠳ᠂ ᠮᠠᠨ᠎ᠤ ᠣᠷᠣᠨ ᠨᠢᠭᠡᠨᠲᠡ 62 ᠠᠺᠠᠳᠧᠮᠢᠴᠢ ᠵᠢᠨ ᠲᠤᠰᠬᠠᠢ ᠮᠡᠷᠭᠡᠵᠢᠯᠲᠡᠨ᠎ᠤ ᠠᠵᠢᠭᠯᠠᠬᠤ ᠦᠷᠳᠡᠭᠡ ᠵᠢ ᠪᠠᠢ᠌ᠭᠤᠯᠪᠠ᠃
《ᠠᠵᠢᠭᠯᠠᠬᠤ ᠥᠷᠲᠡᠭᠡ᠎ᠳᠤ ᠣᠷᠣᠭᠤᠯᠤᠨ ᠠᠪᠴᠢᠷᠠᠭᠰᠠᠨ ᠠᠺᠠᠳᠧᠮᠢᠴᠢ ᠵᠢᠨ ᠲᠤᠰᠬᠠᠶ ᠮᠡᠷᠭᠡᠵᠢᠯᠲᠡᠨ᠎ᠤ ᠪᠦᠯᠬᠦᠮ᠎ᠳᠤ ᠲᠦᠰᠢᠭᠯᠡᠨ᠂ ᠥᠷᠲᠡᠭᠡ ᠪᠠᠢ᠌ᠭᠤᠯᠤᠭᠰᠠᠨ ᠨᠢᠭᠡᠴᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢᠲᠠᠨ᠎ᠤ ᠪᠦᠯᠬᠦᠮ᠎ᠢ ᠬᠥᠮᠦᠵᠢᠭᠦᠯᠬᠦ ᠵᠡᠷᠭᠡ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠵᠤ᠂ ᠰᠠᠢ᠌ᠨ ᠰᠠᠢ᠌ᠬᠠᠨ ᠳᠠᠢ᠌ᠴᠢᠯᠠᠨ ᠵᠢᠱ᠌ᠢᠶ᠎ᠡ ᠦᠵᠡᠭᠦᠯᠬᠦ ᠦᠢᠯᠡᠳᠦᠯ ᠦᠵᠡᠭᠦᠯᠵᠡᠶ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠭᠠᠵᠠᠷ᠎ᠤᠨ ᠬᠠᠷᠢᠭᠤᠴᠠᠯᠭ᠋ᠠᠲᠠᠨ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢᠨ ᠳᠠᠭ᠋ᠠᠭᠤᠯᠭ᠎ᠠ ᠳᠣᠤᠷ᠎ᠠ᠂ ᠦᠯᠡᠮᠵᠢ ᠣᠯᠠᠨ ᠠᠺᠠᠳᠧᠮᠢᠴᠢ ᠵᠡᠷᠭᠡ ᠳᠡᠭᠡᠳᠦ ᠲᠠᠰ᠎ᠤᠨ ᠴᠢᠳᠠᠪᠤᠷᠢᠲᠠᠨ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠎ᠠ᠎ᠳᠤ ᠣᠷᠣᠯᠴᠠᠵᠤ᠂ ᠣᠷᠣᠨ᠎ᠤ ᠳᠣᠲᠣᠷᠠᠬᠢ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ᠂ ᠬᠦᠷᠢᠶᠡᠯᠡᠩ ᠭᠠᠵᠠᠷ ᠵᠡᠷᠭᠡ ᠡᠯ᠎ᠡ ᠲᠥᠷᠥᠯ᠎ᠤᠨ ᠰᠢᠨ᠎ᠡ ᠵᠢ ᠡᠭᠦᠳᠬᠦ ᠭᠣᠤᠯ ᠴᠣᠭᠴᠠ᠎ᠯᠤᠭ᠎ᠠ ᠭᠦᠨᠵᠡᠭᠡᠶ ᠬᠠᠮᠲᠤᠷᠠᠯᠴᠠᠵᠤ᠂ ᠠᠺᠠᠳᠧᠮᠢᠴᠢ ᠵᠢᠨ ᠲᠤᠰᠬᠠᠶ ᠮᠡᠷᠭᠡᠵᠢᠯᠲᠡᠨ᠎ᠤ ᠠᠵᠢᠭᠯᠠᠬᠤ ᠥᠷᠲᠡᠭᠡ ᠵᠢ ᠬᠠᠮᠲᠤ᠎ᠪᠠᠷ ᠪᠠᠢ᠌ᠭᠤᠯᠵᠤ᠂ ᠣᠷᠳᠣ ᠬᠤᠭᠤᠴᠠᠭ᠋ᠠᠨ᠎ᠤ ᠲᠣᠭᠲᠠᠭᠤᠨ ᠪᠥᠭᠡᠳ ᠭᠦᠨᠵᠡᠭᠡᠶ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠵᠤ᠂ 68 ᠠᠺᠠᠳᠧᠮᠢᠴᠢ᠂ ᠮᠢᠩᠭ᠋ᠠᠳ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠳᠡᠭᠡᠭᠰᠢᠯᠡᠯᠲᠡ᠂ ᠠᠵᠤ ᠦᠢᠯᠡᠰ᠎ᠤᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠠᠬᠢᠭᠤᠯᠪᠠ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠭᠣᠤᠯᠳᠠᠯᠭ᠎ᠠ᠎ᠲᠠᠢ ᠠᠵᠤ ᠦᠢᠯᠡᠰ᠎ᠯᠦᠭᠡ ᠨᠢᠭᠲᠠ ᠤᠶᠠᠯᠳᠤᠭᠰᠠᠨ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠪᠦᠯᠬᠦᠮ᠎ᠢ ᠣᠨᠢᠯᠠᠵᠤ᠂ ᠠᠺᠠᠳᠧᠮᠢᠴᠢ ᠵᠢᠨ ᠲᠤᠰᠬᠠᠶ ᠮᠡᠷᠭᠡᠵᠢᠯᠲᠡᠨ᠎ᠤ ᠠᠵᠢᠭᠯᠠᠬᠤ ᠥᠷᠲᠡᠭᠡ ᠵᠢ ᠬᠠᠮᠲᠤ᠎ᠪᠠᠷ ᠪᠥᠲᠥᠭᠡᠨ ᠪᠠᠢ᠌ᠭᠤᠯᠬᠤ ᠵᠢ ᠬᠥᠲᠥᠯᠥᠨ ᠵᠢᠯᠣᠭᠣᠳᠴᠤ᠂ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠠᠵᠢᠯ᠎ᠤᠨ ᠥᠷᠲᠡᠭᠡ ᠵᠢᠨ ᠪᠥᠲᠥᠭᠡᠨ ᠪᠠᠢ᠌ᠭᠤᠯᠤᠯᠲᠠ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠲᠠᠪᠴᠠᠩ᠎ᠢ ᠪᠠᠢ᠌ᠭᠤᠯᠵᠤ᠂ ᠨᠠᠩ ᠣᠯᠠᠨ ᠰᠢᠨ᠎ᠡ ᠵᠢ ᠡᠭᠦᠳᠬᠦ ᠳᠠᠪᠠᠭᠤᠯᠢᠭ ᠡᠬᠢ ᠪᠠᠶᠠᠯᠢᠭ᠎ᠢ ᠥᠪᠥᠷ ᠮᠣᠩᠭᠣᠯ᠎ᠳᠤ ᠬᠦᠷᠭᠡᠵᠦ᠂ ᠳᠡᠭᠡᠳᠦ ᠲᠠᠰ᠎ᠤᠨ ᠲᠤᠰᠬᠠᠶ ᠮᠡᠷᠭᠡᠵᠢᠯᠲᠡᠨ ᠪᠠ ᠰᠢᠨ᠎ᠡ ᠵᠢ ᠡᠭᠦᠳᠬᠦ ᠪᠦᠯᠬᠦᠮ ᠨᠡᠢ᠌ᠲᠡ᠎ᠪᠠᠷ ᠳᠠᠭ᠋ᠠᠭᠤᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠰᠢᠪᠲᠤᠯᠤᠯᠲᠠ》ᠵᠢᠨ ᠢᠨᠵᠧᠨᠧᠷᠢᠩ᠎ᠳᠤ ᠦᠢᠯᠡᠴᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠶᠤᠨ ᠴᠢᠳᠠᠪᠤᠷᠢ ᠵᠢ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠵᠤ᠂ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠥᠨᠳᠥᠷ ᠲᠦᠪᠰᠢᠨ ᠪᠥᠬᠥᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ ᠵᠢ ᠲᠦᠷᠭᠡᠳᠬᠡᠨ ᠪᠡᠶᠡᠯᠡᠭᠦᠯᠵᠦ᠂ ᠣᠳᠣᠬᠢᠴᠢᠯᠠᠭᠰᠠᠨ ᠠᠵᠤ ᠦᠢᠯᠡᠰ᠎ᠤᠨ ᠰᠢᠰᠲ᠋ᠧᠮ᠎ᠳᠤ ᠬᠦᠴᠦᠲᠠᠢ ᠲᠤᠯᠭ᠋ᠠᠭᠤᠷᠢᠯᠠᠯ ᠬᠠᠩᠭ᠋ᠠᠨ᠎ᠠ᠃
![]()