ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠤ ᠲᠣᠭᠣᠷᠢᠨ᠎ᠳᠤ ᠲᠤᠰᠬᠠᠶ ᠰᠡᠳᠦᠪᠲᠦ ᠰᠤᠷᠤᠯᠴᠠᠯᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-03-12



 
    ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠭᠦᠨᠵᠡᠭᠡᠶ ᠲᠠᠨᠢᠬᠤ ᠪᠠ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ ᠵᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ 3 ᠳ᠋ᠤᠭ᠋ᠠᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠬᠤᠷᠠᠯ (ᠥᠷᠭᠡᠳᠬᠡᠭᠰᠡᠨ) ᠬᠤᠷᠠᠯᠳᠤᠭᠤᠯᠵᠤ᠂ ᠳᠤᠮᠳᠠᠳᠤ ᠤᠯᠤᠰ᠎ᠤᠨ ᠦᠢᠯᠡᠳᠪᠦᠷᠢᠯᠡᠯ᠎ᠤᠨ ᠬᠦᠴᠦᠨ᠎ᠢ ᠠᠬᠢᠭᠤᠯᠬᠤ ᠲᠥᠪ᠎ᠤᠨ ᠨᠡᠢ᠌ᠭᠡᠮᠯᠢᠭ᠎ᠤᠨ ᠳᠡᠳ᠋ ᠬᠡᠷᠡᠭ ᠡᠷᠬᠢᠯᠡᠭᠴᠢᠳ᠎ᠤᠨ ᠳᠠᠷᠤᠭ᠎ᠠ ᠪᠥᠭᠡᠳ ᠨᠠᠷᠢᠨ ᠪᠢᠴᠢᠭ᠎ᠤᠨ ᠳᠠᠷᠤᠭ᠎ᠠ ᠸᠠᠩ ᠢᠦᠢ ᠵᠢ ᠤᠷᠢᠵᠤ 《ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠤ ᠣᠨᠣᠯ᠎ᠤᠨ ᠠᠭᠤᠯᠤᠭᠳᠠᠬᠤᠨ ᠪᠠ ᠠᠷᠭ᠎ᠠ ᠵᠠᠮ》᠎ᠤᠨ ᠲᠤᠰᠬᠠᠶ ᠰᠡᠳᠦᠪᠲᠦ ᠬᠠᠪᠰᠤᠷᠤᠨ ᠵᠢᠯᠣᠭᠣᠳᠬᠤ ᠲᠠᠢ᠌ᠯᠤᠮᠵᠢ ᠬᠢᠯᠭᠡᠪᠡ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠹᠸᠩ ᠵᠢᠶᠠ ᠵᠢᠤᠢ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃





    ᠬᠤᠷᠠᠯ᠎ᠠᠴᠠ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠪᠦᠷᠢᠯᠳᠦᠭᠰᠡᠨ ᠠᠬᠤᠢ ᠪᠠᠢ᠌ᠳᠠᠯ᠂ ᠤᠨᠤᠯ᠎ᠤᠨ ᠵᠠᠳᠠᠯᠤᠯᠲᠠ᠂ ᠠᠭᠤᠯᠤᠭᠳᠠᠬᠤᠨ᠎ᠤ ᠣᠨᠴᠠᠯᠢᠭ᠂ ᠬᠥᠭᠵᠢᠯᠲᠡ ᠵᠢᠨ ᠠᠷᠭ᠎ᠠ ᠵᠠᠮ ᠵᠢᠴᠢ ᠪᠤᠰᠤᠳ ᠬᠦᠷᠢᠶᠡᠨ᠎ᠤ ᠬᠠᠷᠢᠴᠠᠭ᠎ᠠ ᠵᠢ ᠰᠢᠰᠲ᠋ᠧᠮ᠎ᠲᠠᠢ ᠭᠦᠨᠵᠡᠭᠡᠢ ᠲᠠᠢ᠌ᠯᠪᠤᠷᠢᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠭᠣᠣᠯ ᠡᠯᠧᠮᠧᠨ᠋ᠲ᠂ ᠵᠠᠩᠭᠢᠯᠠᠭ᠎ᠠ ᠵᠢᠨ ᠠᠰᠠᠭᠤᠳᠠᠯ᠎ᠢ ᠲᠣᠳᠣᠷᠬᠠᠢ᠌ᠯᠠᠨ ᠥᠭᠦᠯᠡᠵᠦ᠂ ᠤᠯᠠᠨ᠎ᠳᠤ ᠠᠮᠢᠳᠤᠯᠢᠭ ᠰᠠᠢ᠌ᠬᠠᠨ ᠤᠨᠤᠯ ᠦᠢ᠍ᠯᠡᠳᠦᠯᠭᠡ ᠵᠢᠨ ᠬᠢᠴᠢᠶᠡᠯ ᠣᠷᠣᠵᠤ᠂ ᠬᠤᠷᠠᠯ᠎ᠳᠤ ᠣᠷᠣᠯᠴᠠᠭᠰᠠᠨ ᠤᠳᠤᠷᠢᠳᠬᠤ ᠺᠠᠳ᠋ᠷ ᠮᠠᠰᠢ ᠶᠡᠬᠡ ᠰᠡᠩᠬᠡᠷᠡᠭᠦᠯᠦᠯ ᠬᠥᠮᠦᠵᠢᠯ ᠬᠦᠷᠳᠡᠵᠥ᠂ ᠤᠯᠠᠨ ᠵᠶ᠋ᠠᠷ ᠵᠶ᠋ᠠᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ᠂ ᠴᠢᠬᠤᠯᠠ ᠶᠡᠬᠡ ᠠᠴᠢ ᠬᠣᠯᠪᠣᠭᠳᠠᠯ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢᠨ ᠲᠤᠬᠠᠢ ᠨᠡᠩ ᠭᠦᠨᠵᠡᠭᠡᠢ ᠲᠠᠨᠢᠯᠲᠠ ᠪᠠ ᠣᠢ᠌ᠯᠠᠭ᠋ᠠᠯᠲᠠ᠎ᠲᠠᠢ ᠪᠤᠯᠵᠥ᠂ ᠳᠠᠷᠠᠭ᠋ᠠᠴᠢ ᠵᠢᠨ ᠠᠯᠬᠤᠮ᠎ᠤᠨ ᠠᠵᠢᠯ᠎ᠢ ᠰᠠᠢ᠌ᠲᠤᠷ ᠬᠢᠬᠦ᠎ᠳᠤ ᠤᠨᠤᠯ᠎ᠤᠨ ᠰᠠᠭᠤᠷᠢ ᠵᠢ ᠪᠡᠬᠢᠵᠢᠭᠦᠯᠪᠡ᠃




    ᠬᠤᠷᠠᠯ᠎ᠠᠴᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠦᠵᠡᠯ ᠰᠠᠨᠠᠭ᠋ᠠᠨ᠎ᠤ ᠰᠠᠭᠤᠷᠢ᠎ᠪᠠᠨ ᠪᠡᠬᠢᠵᠢᠭᠦᠯᠵᠦ᠂ ᠪᠣᠳᠠᠲᠠᠢ᠎ᠠᠴᠠ ᠡᠭᠦᠰᠦᠨ᠂ ᠰᠢᠨ᠎ᠡ ᠵᠢ ᠡᠭᠦᠳᠬᠦ᠎ᠠᠴᠠ ᠭᠠᠷᠳᠠᠨ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠬᠤ᠎ᠪᠠᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠴᠣᠭᠴᠠᠯᠠᠬᠤ ᠬᠡᠷᠡᠭᠲᠡᠢ; ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ 《ᠣᠷᠣᠢ᠌ᠯᠠᠵᠤ》᠂ ᠠᠵᠤ ᠦᠢ᠍ᠯᠡᠰ  ᠎ᠨᠢ《ᠰᠢᠨ᠎ᠡ》ᠲᠡᠢ᠌ᠰᠢ ᠬᠦᠭᠵᠢᠵᠦ᠂ ᠤᠯᠠᠮᠵᠢᠯᠠᠯᠲᠤ ᠠᠵᠤ ᠦᠢ᠍ᠯᠡᠰ᠎ᠢ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠵᠢ ᠭᠦᠨᠵᠡᠭᠡᠢ ᠠᠬᠢᠭᠤᠯᠵᠤ᠂《ᠰᠠᠯᠬᠢ ᠭᠡᠷᠡᠯ ᠤᠰᠤᠲᠥ᠋ᠷᠥᠭᠴᠢ ᠵᠢᠨ ᠬᠠᠳᠠᠭ᠋ᠠᠯᠠᠭᠳᠠᠴᠠ》᠎ᠪᠠᠷ ᠭᠣᠣᠯ ᠪᠣᠯᠭ᠋ᠠᠭᠰᠠᠨ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠣᠯᠤᠨ ᠢᠷᠡᠭᠡᠳᠦᠢ ᠵᠢᠨ ᠠᠵᠤ ᠦᠢ᠍ᠯᠡᠰ᠎ᠢ ᠢᠳᠡᠪᠬᠢᠲᠡᠢ ᠪᠣᠢ᠌ᠵᠢᠭᠤᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠴᠢᠳᠠᠪᠤᠷᠢ ᠪᠣᠯᠤᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ; 《ᠲᠠᠪᠤᠨ ᠶᠡᠬᠡ ᠬᠦᠷᠢᠶ᠎ᠡ ᠴᠠᠷᠠᠭ᠎ᠠ》᠂ 《ᠨᠠᠢᠮᠠᠨ ᠶᠡᠬᠡ ᠴᠢᠭᠯᠡᠯ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠰᠢᠪᠲᠤᠯᠤᠯᠲᠠ ᠬᠢᠬᠦ》 ᠢᠨᠵᠧᠨᠧᠷᠢᠩ᠎ᠢ ᠬᠡᠷᠡᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠂ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠲᠦᠷᠭᠡᠳᠬᠡᠨ ᠪᠦᠷᠢᠯᠳᠦᠭᠦᠯᠵᠦ᠂ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠨᠧᠷᠭᠢ ᠣᠯᠭᠤᠭᠰᠠᠨ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠪᠠᠢ᠌ᠳᠠᠯ᠎ᠢ ᠪᠥᠬᠥ ᠬᠦᠴᠦᠨ ᠵᠶ᠋ᠡᠷ ᠵᠶ᠋ᠡᠨ ᠡᠭᠦᠳᠴᠦ᠂ ᠥᠪᠡᠷᠲᠡᠭᠡᠨ ᠵᠠᠰᠠᠬᠤ ᠣᠷᠣᠨ᠎ᠤ《ᠰᠢᠨ᠎ᠡ ᠵᠠᠮ ᠵᠶ᠋ᠠᠷ ᠵᠠᠮᠨᠠᠵᠤ᠂ ᠳᠤᠮᠳᠠ ᠲᠦᠪᠰᠢᠨ᠎ᠳᠤ ᠣᠷᠣᠬᠤ》᠎ᠳᠤ ᠬᠦᠴᠦᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
    ᠲᠢᠩᠬᠢᠮ᠎ᠤᠨ ᠪᠠᠢ᠌ᠭᠤᠯᠭ᠎ᠠ ᠵᠢᠨ ᠪᠥᠬᠥ ᠠᠯᠪᠠᠲᠠᠨ᠂ ᠲᠢᠩᠬᠢᠮ᠎ᠤᠨ ᠬᠠᠷᠢᠶ᠎ᠠ ᠨᠢᠭᠡᠴᠢ ᠵᠢᠨ ᠪᠠᠭ᠎ᠤᠨ ᠪᠦᠷᠢᠯᠳᠦᠬᠦᠨ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠬᠥᠬᠡᠬᠣᠲᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠠᠭ᠎ᠤᠨ ᠪᠦᠷᠢᠯᠳᠦᠬᠦᠨ᠂ ᠬᠥᠬᠡᠬᠣᠲᠠ ᠵᠢᠨ ᠶᠡᠬᠡ ᠳᠡᠭᠡᠳᠦ ᠰᠤᠷᠭ᠋ᠠᠭᠤᠯᠢ᠂ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠪᠦᠭᠦ ᠤᠯᠤᠰ᠎ᠤᠨ ᠬᠣᠶᠠᠷ ᠬᠤᠷᠠᠯ᠎ᠤᠨ ᠬᠣᠯᠪᠣᠭᠳᠠᠯ ᠪᠦᠬᠦᠢ ᠪᠦᠯᠭᠦᠮ ᠳᠤᠭᠤᠢ᠌ᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠪᠦᠭᠦ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠵᠦ ᠲᠦᠢ᠍ᠮᠡᠷ᠎ᠢ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠢ᠌ᠴᠢᠨ ᠬᠤᠷᠠᠯ᠎ᠢ ᠡᠷᠭᠢᠯᠡᠵᠠᠢ
ᠰᠦᠨ ᠵᠢᠶᠦ᠋ᠨ ᠴᠢᠩ ᠬᠥᠬᠡᠬᠣᠲᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠰᠢᠪᠲᠤᠯᠤᠯᠲᠠ》 ᠵᠢᠨ ᠢᠨᠵᠧᠨᠧᠷᠢᠩ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2024 ᠣᠨ᠎ᠤ ᠭᠤᠷᠪᠠᠳᠤᠭ᠋ᠠᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
 
            