ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠪᠦᠭᠦ ᠤᠯᠤᠰ᠎ᠤᠨ ᠬᠣᠶᠠᠷ ᠬᠤᠷᠠᠯ᠎ᠤᠨ ᠬᠣᠯᠪᠣᠭᠳᠠᠯ ᠪᠦᠬᠦᠢ ᠪᠦᠯᠭᠦᠮ ᠳᠤᠭᠤᠢ᠌ᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠨᠡᠶ᠋ᠢᠲᠡᠯᠡᠭᠰᠡᠨ ᠴᠠᠭ᠄ 2024-03-13



      3 ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠪᠦᠭᠦ ᠤᠯᠤᠰ᠎ᠤᠨ ᠬᠣᠶᠠᠷ ᠬᠤᠷᠠᠯ᠎ᠤᠨ ᠬᠣᠯᠪᠣᠭᠳᠠᠯ ᠪᠦᠬᠦᠢ ᠪᠦᠯᠭᠦᠮ ᠳᠤᠭᠤᠢ᠌ᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠵᠡᠢ᠃
      ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠪᠦᠭᠦ ᠤᠯᠤᠰ᠎ᠤᠨ ᠬᠣᠶᠠᠷ ᠬᠤᠷᠠᠯ᠎ᠤᠨ ᠬᠣᠯᠪᠣᠭᠳᠠᠯ ᠪᠦᠬᠦᠢ ᠪᠦᠯᠭᠦᠮ ᠳᠤᠭᠤᠢ᠌ᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠤᠯᠤᠰ ᠪᠣᠯᠣᠨ ᠴᠡᠷᠢᠭ ᠠᠩᠭᠢ ᠵᠢᠨ ᠬᠥᠭᠵᠢᠯᠲᠡ᠎ᠳᠤ ᠬᠣᠯᠪᠣᠭᠳᠠᠬᠤ ᠠᠯᠢ ᠣᠯᠠᠨ ᠴᠢᠬᠤᠯᠠ ᠶᠡᠬᠡ ᠠᠰᠠᠭᠤᠳᠠᠯ᠎ᠤᠨ ᠲᠤᠬᠠᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ᠎ᠳᠤ ᠴᠢᠬᠤᠯᠠ ᠵᠢᠯᠣᠭᠣᠳᠤᠯᠭ᠎ᠠ ᠬᠠᠩᠭ᠋ᠠᠪᠠ᠂ ᠪᠢᠳᠡ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠪᠣᠳᠠᠲᠠᠢ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠠᠢ᠌ᠲᠤᠷ ᠠᠳᠬᠤᠬᠤ ᠬᠡᠷᠡᠭᠲᠡᠢ᠃ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠵᠦ᠂ ᠤᠯᠠᠮᠵᠢᠯᠠᠯᠲᠤ ᠠᠵᠤ ᠦᠢ᠍ᠯᠡᠰ᠎ᠤᠨ ᠲᠡᠰ ᠳᠡᠪᠰᠢᠭᠦᠯᠬᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠤᠵᠠᠭ᠋ᠠᠢ᠌ᠷᠠᠭᠤᠯᠬᠤ᠂ ᠢᠷᠡᠭᠡᠳᠦᠢ ᠵᠢᠨ ᠠᠵᠤ ᠦᠢ᠍ᠯᠡᠰ᠎ᠢ ᠪᠣᠢ᠌ᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠴᠢᠨᠠᠷ ᠰᠠᠢ᠌ᠲᠠᠢ ᠬᠥᠭᠵᠢᠯᠲᠡ ᠵᠢ ᠬᠦᠯᠢᠶᠡᠰᠦᠯᠡᠵᠦ ᠪᠠᠢ᠌ᠭ᠎ᠠ ᠲᠦᠭᠵᠢᠷᠡᠯ ᠬᠣᠷᠢᠭ᠎ᠠ ᠴᠡᠭ᠎ᠢ ᠨᠡᠪᠲᠡᠷᠡᠭᠦᠯᠬᠦ᠎ᠳᠤ ᠠᠩᠬᠠᠷᠤᠯ ᠵᠢᠡᠨ ᠲᠥᠪᠯᠡᠷᠡᠭᠦᠯᠦᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢ᠌ᠭᠤᠯᠬᠤ ᠢᠨᠵᠧᠨᠧᠷᠢᠩ᠎ᠢ ᠬᠡᠷᠡᠭᠵᠢᠭᠦᠯᠬᠦ᠎ᠪᠠᠷ ᠵᠢᠯᠣᠭᠣᠳᠤᠮᠵᠢ ᠪᠣᠯᠭ᠋ᠠᠨ ᠨᠡᠭᠡᠭᠡᠯᠲᠡ ᠵᠢ ᠪᠦᠭᠦ ᠲᠠᠯ᠎ᠠ᠎ᠪᠠᠷ ᠥᠷᠭᠡᠳᠬᠡᠵᠦ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠬᠦ᠎ᠪᠠᠷ ᠰᠢᠪᠲᠤᠯᠤᠯᠲᠠ ᠪᠣᠯᠭ᠋ᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠬᠥᠭᠵᠢᠬᠦ ᠵᠡᠷᠭᠡ ᠴᠢᠬᠤᠯᠠ ᠶᠡᠬᠡ ᠤᠯᠤᠰ᠎ᠤᠨ ᠪᠠᠢ᠌ᠯᠳᠤᠬᠤ ᠪᠣᠳᠣᠯᠭ᠎ᠠ᠎ᠳᠤ ᠭᠦᠨᠵᠡᠭᠡᠢ ᠠᠭᠤᠰᠤᠯᠴᠠᠬᠤ ᠬᠡᠷᠡᠭᠲᠡᠢ᠃ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ ᠪᠣᠯᠣᠨ ᠬᠥᠬᠡ ᠣᠭᠲᠠᠷᠭᠤᠢ᠂ ᠬᠥᠬᠡᠮᠳᠦᠭ ᠤᠰᠤ᠂ ᠠᠷᠢᠭᠤᠨ ᠬᠥᠷᠥᠰᠥ ᠵᠢ ᠬᠠᠮᠠᠭ᠋ᠠᠯᠠᠬᠤ ᠭᠤᠷᠪᠠᠨ ᠶᠡᠬᠡ ᠳᠠᠢ᠌ᠯᠠᠯᠳᠤᠭ᠋ᠠᠨ᠎ᠢ ᠪᠦᠭᠦ ᠬᠦᠴᠦ᠎ᠪᠠᠷ ᠵᠶ᠋ᠡᠨ ᠰᠠᠢ᠌ᠲᠤᠷ ᠬᠢᠵᠦ᠂ ᠠᠮᠢ ᠠᠬᠤᠢ ᠵᠢᠨ ᠦᠢ᠍ᠯᠡᠳᠬᠦᠨ᠎ᠤ ᠦᠷᠳᠡᠭ᠎ᠢ ᠪᠡᠶᠡᠯᠡᠭᠦᠯᠬᠦ ᠲᠣᠭᠲᠠᠴᠠ ᠵᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠵᠣᠷᠢᠭᠵᠢᠭᠤᠯᠬᠤ ᠡᠯ᠎ᠡ ᠵᠦᠢ᠍ᠯ᠎ᠤᠨ ᠠᠵᠢᠯ᠎ᠢ ᠭᠦᠨᠵᠡᠭᠡᠢ ᠠᠬᠢᠭᠤᠯᠤᠨ ᠪᠣᠳᠠᠲᠠᠢ᠌ᠵᠢᠭᠤᠯᠵᠤ᠂ ᠶᠡᠬᠡ ᠬᠦᠴᠦ ᠣᠷᠣᠭᠤᠯᠵᠤ ᠪᠠᠢ᠌ᠭ᠋ᠠᠳ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ᠃ ᠰᠢᠨ᠎ᠡ᠎ᠪᠠᠷ ᠮᠠᠨᠳᠤᠭᠰᠠᠨ ᠬᠦᠷᠢᠶᠡᠨ᠎ᠤ ᠪᠠᠢ᠌ᠯᠳᠤᠬᠤ ᠪᠣᠳᠣᠯᠭ᠎ᠠ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠪᠦᠭᠦ ᠬᠦᠴᠦ᠎ᠪᠠᠷ ᠵᠶ᠋ᠡᠨ ᠳᠡᠮᠵᠢᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠣᠯᠣᠨ ᠴᠡᠷᠢᠭ ᠠᠩᠭᠢ ᠵᠢᠨ ᠣᠳᠣᠬᠢᠴᠢᠯᠠᠯᠲᠠ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠠᠷᠪᠠᠨ ᠬᠣᠶᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠠᠭ᠎ᠢ ᠠᠮᠵᠢᠨ ᠲᠦᠷᠭᠡᠨ ᠠᠵᠢᠯᠯᠠᠵᠤ ᠰᠢᠨ᠎ᠡ ᠡᠨᠧᠷᠭᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠰᠢᠨ᠎ᠡ ᠡᠨᠧᠷᠭᠢ ᠵᠢ ᠰᠢᠩᠭᠡᠭᠡᠬᠦ ᠣᠷᠣᠨ ᠵᠠᠢ ᠵᠢ ᠥᠷᠭᠡᠳᠬᠡᠵᠦ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠨᠠᠩ ᠰᠠᠢ᠌ᠲᠤᠷ ᠪᠠᠲᠤᠯᠠᠬᠤ ᠬᠡᠷᠡᠭᠲᠡᠢ᠃ ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠰᠢᠯᠢᠳᠡᠭᠵᠢᠭᠦᠯᠵᠦ᠂ ᠨᠡᠭᠦᠷᠡᠰᠦ ᠴᠠᠭᠢᠯᠭ᠋ᠠᠨ᠎ᠤ ᠠᠵᠤ ᠠᠬᠤᠢ᠌ᠯᠠᠯ᠎ᠤᠨ 《ᠭᠤᠷᠪᠠ ᠵᠢ ᠥᠭᠡᠷᠡᠴᠢᠯᠡᠬᠦ》 ᠢᠳᠡᠪᠬᠢᠵᠢᠯ᠎ᠢ ᠭᠦᠢ᠍ᠴᠡᠳ ᠳᠠᠢ᠌ᠴᠢᠯᠠᠬᠤ ᠬᠡᠷᠡᠭᠲᠡᠢ᠃ ᠰᠢᠨ᠎ᠡ ᠡᠨᠧᠷᠭᠢ ᠵᠢᠨ ᠰᠠᠭᠤᠷᠢ ᠲᠥᠬᠦᠭᠡᠷᠦᠮᠵᠢ ᠵᠢᠨ ᠲᠣᠣᠷ᠎ᠢ ᠰᠠᠢ᠌ᠲᠤᠷ ᠪᠠᠢ᠌ᠭᠤᠯᠵᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠥᠭᠵᠢᠯᠲᠡ ᠵᠢ ᠶᠡᠬᠡ᠎ᠪᠠᠷ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ 2024 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ ᠡᠬᠢᠯᠡᠬᠦ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠴᠢᠩᠭ᠎ᠠ ᠬᠠᠮᠢᠶᠠᠷᠬᠤ ᠪᠠ ᠬᠠᠢ᠌ᠷᠠᠯᠠᠨ ᠬᠠᠯᠠᠮᠵᠢᠯᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠵᠠᠯᠠᠭᠤ ᠺᠠᠳ᠋ᠷᠴᠤᠳ᠎ᠢ ᠬᠥᠮᠥᠵᠢᠭᠦᠯᠬᠦ᠂ ᠬᠡᠷᠡᠭᠯᠡᠬᠦ᠂ ᠬᠠᠮᠢᠶᠠᠷᠬᠤ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠥᠷᠭᠡᠨ ᠣᠯᠠᠨ ᠵᠠᠯᠠᠭᠤ ᠺᠠᠳ᠋ᠷ᠎ᠤᠨ 《ᠲᠠᠪᠤᠨ ᠤᠬᠠᠮᠰᠠᠷ》᠎ᠤᠨ ᠱᠠᠭ᠋ᠠᠷᠳᠠᠯᠭ᠎ᠠ ᠶᠣᠰᠣᠭ᠋ᠠᠷ ᠪᠡᠶ᠎ᠡ᠎ᠪᠠᠨ ᠱᠠᠭ᠋ᠠᠷᠳᠠᠵᠤ᠂ ᠦᠰᠦᠨ ᠪᠣᠢ᠌ᠵᠢᠵᠤ ᠴᠢᠳᠠᠪᠤᠷᠢᠲᠠᠨ ᠪᠤᠯᠬᠤ ᠵᠢ ᠬᠥᠲᠥᠯᠥᠨ ᠵᠢᠯᠤᠭᠣᠳᠬᠤ ᠬᠡᠷᠡᠭᠲᠡᠢ᠃ ᠵᠠᠯᠠᠭᠤ ᠺᠠᠳ᠋ᠷᠴᠤᠳ᠎ᠤᠨ 《ᠦᠵᠡᠯ ᠰᠠᠨᠠᠭ᠎ᠠ ᠵᠢ ᠰᠤᠷᠤᠯᠴᠠᠬᠤ》 ᠵᠢ ᠬᠠᠮᠤᠭ᠎ᠤᠨ ᠲᠡᠷᠢᠭᠦᠨ᠎ᠤ ᠵᠠᠪᠠᠯ ᠰᠤᠷᠬᠤ ᠬᠢᠴᠢᠶᠡᠯ ᠪᠤᠯᠭ᠋ᠠᠬᠤ ᠵᠢ ᠠᠬᠢᠭᠤᠯᠵᠤ᠂ ᠤᠨᠤᠯ᠎ᠤᠨ ᠬᠡᠪ ᠪᠣᠯᠪᠠᠰᠤᠷᠠᠯ᠎ᠢ᠎ᠨᠢ ᠪᠦᠭᠦ ᠲᠠᠯ᠎ᠠ᠎ᠪᠠᠷ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠱᠠᠲᠤᠨ᠎ᠤ ᠡᠮᠦᠨ᠎ᠡ ᠹᠷᠣᠨᠲ᠎ᠢ ᠺᠠᠳ᠋ᠷ᠎ᠢ ᠬᠥᠮᠥᠵᠢᠭᠦᠯᠦᠨ ᠪᠤᠯᠪᠠᠰᠤᠷᠠᠭᠤᠯᠬᠤ ᠰᠠᠭᠤᠷᠢ ᠵᠢᠭᠰᠠᠭ᠋ᠠᠯ᠎ᠤᠨ ᠭᠠᠵᠠᠷ ᠪᠤᠯᠭ᠋ᠠᠵᠤ᠂ ᠵᠠᠯᠠᠭᠤ ᠺᠠᠳ᠋ᠷᠴᠤᠳ᠎ᠢ ᠦᠢ᠍ᠯᠡᠳᠦᠯᠭᠡ ᠵᠢᠨ ᠳᠤᠮᠳᠠ ᠳᠠᠪᠲᠠᠨ ᠪᠤᠯᠪᠠᠰᠤᠷᠠᠭᠤᠯᠵᠤ᠂ ᠡᠷᠳᠡᠮ ᠴᠢᠳᠠᠪᠤᠷᠢ ᠵᠢ᠎ᠨᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠪᠦᠭᠦ ᠨᠡᠢ᠌ᠭᠡᠮ᠎ᠤᠨ ᠡᠬᠢ ᠪᠠᠶᠠᠯᠢᠭ᠎ᠢ ᠪᠦᠭᠦ ᠲᠠᠯ᠎ᠠ᠎ᠪᠠᠷ ᠠᠷᠪᠢᠯᠠᠨ ᠭᠠᠮᠨᠠᠵᠤ ᠡᠷᠴᠢᠮᠵᠢᠭᠦᠯᠬᠦ ᠠᠵᠢᠯ᠎ᠢ ᠠᠬᠢᠭᠤᠯᠤᠭᠰᠠᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠡᠬᠢ ᠪᠠᠶᠠᠯᠢᠭ᠎ᠢ ᠪᠦᠭᠦ ᠲᠠᠯ᠎ᠠ᠎ᠪᠠᠷ ᠠᠷᠪᠢᠯᠠᠨ ᠭᠠᠮᠨᠠᠵᠤ ᠡᠷᠴᠢᠮᠵᠢᠭᠦᠯᠬᠦ ᠠᠵᠢᠯ᠎ᠤᠨ ᠴᠢᠬᠤᠯᠠ ᠴᠢᠨᠠᠷ᠎ᠤᠨ ᠲᠤᠬᠠᠢ ᠲᠠᠨᠢᠯᠲᠠ᠎ᠪᠠᠨ ᠭᠦᠨᠵᠡᠭᠡᠢ᠌ᠷᠡᠭᠦᠯᠵᠦ᠂ ᠦᠷ᠎ᠡ ᠳ᠋ᠦᠩ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠤᠷᠮᠠᠰᠢᠭᠤᠯᠤᠨ ᠬᠢᠵᠠᠭ᠋ᠠᠷᠯᠠᠬᠤ ᠳᠦᠷᠢᠮ᠎ᠢ ᠪᠦᠷᠢᠨᠰᠢᠭᠦᠯᠵᠦ᠂ ᠡᠬᠢ ᠪᠠᠶᠠᠯᠢᠭ᠎ᠢ ᠡᠷᠭᠢᠯᠳᠦᠭᠦᠯᠦᠨ ᠠᠰᠢᠭᠯᠠᠬᠤ ᠠᠵᠤ ᠦᠢ᠍ᠯᠡᠰ᠎ᠢ ᠲᠦᠷᠭᠡᠳᠬᠡᠨ ᠬᠥᠭᠵᠢᠭᠦᠯᠵᠦ᠂ ᠡᠯ᠎ᠡ ᠲᠥᠷᠥᠯ᠎ᠤᠨ ᠡᠬᠢ ᠪᠠᠶᠠᠯᠢᠭ᠎ᠢ ᠠᠷᠪᠢᠯᠠᠨ ᠭᠠᠮᠨᠠᠵᠤ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠠᠬᠢᠭᠤᠯᠬᠤ ᠬᠡᠷᠡᠭᠲᠡᠢ᠃ ᠪᠦᠭᠦ ᠨᠡᠢ᠌ᠭᠡᠮ᠎ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠦᠭᠦ ᠠᠷᠠᠳ᠎ᠤᠨ ᠠᠷᠪᠢᠯᠠᠨ ᠭᠠᠮᠨᠠᠬᠤ ᠤᠬᠠᠮᠰᠠᠷ᠎ᠢ ᠴᠢᠩᠭ᠋ᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ ᠬᠢᠨᠠᠯᠲᠠ ᠲᠠᠯᠪᠢᠬᠤ ᠵᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ᠎ᠤᠨ ᠬᠣᠯᠪᠣᠭᠳᠠᠯ ᠪᠦᠬᠦᠢ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ ᠠᠵᠢᠯ᠎ᠤᠨ ᠲᠣᠭᠲᠠᠴᠠ᠎ᠪᠠᠨ ᠴᠢᠨᠠᠭᠰᠢᠳᠠ ᠰᠢᠯᠢᠳᠡᠭᠵᠢᠭᠦᠯᠵᠦ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠨᠡᠪᠲᠡᠷᠡᠯᠴᠡᠭᠰᠡᠨ᠂ ᠵᠡᠭᠦᠨ ᠪᠠᠷᠠᠭᠤᠨ ᠲᠠᠯ᠎ᠠ᠎ᠪᠠᠷ ᠵᠶ᠋ᠠᠨ ᠵᠣᠬᠢᠴᠠᠯᠳᠤᠭᠰᠠᠨ ᠬᠢᠨᠠᠯᠲᠠ ᠲᠠᠯᠪᠢᠬᠤ ᠲᠣᠣᠷ᠎ᠢ ᠲᠦᠷᠭᠡᠳᠬᠡᠨ ᠪᠠᠢ᠌ᠭᠤᠯᠵᠤ᠂ ᠮᠡᠳᠡᠭᠡ ᠵᠠᠩᠭᠢ ᠵᠢ ᠬᠤᠷᠠᠮᠳᠤᠭᠤᠯᠬᠤ ᠠᠷᠭ᠎ᠠ ᠵᠠᠮ᠎ᠢ ᠰᠢᠯᠤᠭᠤᠳᠬᠠᠵᠤ᠂ ᠶᠡᠬᠡ ᠶᠠᠪᠤᠳᠠᠯ ᠴᠢᠬᠤᠯᠠ ᠶᠠᠪᠤᠳᠠᠯ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠵᠢ ᠳᠤᠪᠤᠢ᠌ᠯᠭ᠋ᠠᠵᠥ᠂ ᠬᠢᠨᠠᠯᠲᠠ ᠲᠠᠯᠪᠢᠭᠰᠠᠨ ᠦᠷ᠎ᠡ ᠳ᠋ᠦᠩ᠎ᠢ ᠰᠠᠢ᠌ᠲᠤᠷ ᠬᠡᠷᠡᠭᠯᠡᠵᠦ᠂ ᠠᠰᠠᠭᠤᠳᠠᠯ᠎ᠢ ᠡᠷᠲᠡᠬᠡᠨ ᠢᠯᠡᠷᠡᠭᠦᠯᠵᠦ᠂ ᠡᠷᠲᠡᠬᠡᠨ ᠰᠢᠢ᠍ᠳᠪᠦᠷᠢᠯᠡᠬᠦ ᠵᠢ ᠠᠬᠢᠭᠤᠯᠵᠤ᠂ ᠠᠵᠢᠯ᠎ᠤᠨ ᠳᠤᠮᠳᠠ ᠴᠥᠭᠡᠨ ᠪᠤᠷᠤᠭᠤ ᠭᠠᠷᠭ᠋ᠠᠵᠤ᠂ ᠺᠠᠳ᠋ᠷ ᠳᠤᠲᠠᠭᠤ ᠠᠯᠳᠠᠭ᠎ᠠ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠦᠭᠦ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠵᠦ ᠲᠦᠢ᠍ᠮᠡᠷ᠎ᠢ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠢ᠌ᠴᠢᠨ ᠬᠤᠷᠠᠯ᠎ᠢ ᠡᠷᠭᠢᠯᠡᠵᠠᠢ
ᠰᠦᠨ ᠵᠢᠶᠦ᠋ᠨ ᠴᠢᠩ ᠬᠥᠬᠡᠬᠣᠲᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠰᠢᠪᠲᠤᠯᠤᠯᠲᠠ》 ᠵᠢᠨ ᠢᠨᠵᠧᠨᠧᠷᠢᠩ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2024 ᠣᠨ᠎ᠤ ᠭᠤᠷᠪᠠᠳᠤᠭ᠋ᠠᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
 
            