ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠪᠦᠭᠦ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠵᠦ ᠲᠦᠢ᠍ᠮᠡᠷ᠎ᠢ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠢ᠌ᠴᠢᠨ ᠬᠤᠷᠠᠯ᠎ᠢ ᠡᠷᠭᠢᠯᠡᠵᠠᠢ
ᠨᠡᠶ᠋ᠢᠲᠡᠯᠡᠭᠰᠡᠨ ᠴᠠᠭ᠄ 2024-03-12



      3 ᠰᠠᠷ᠎ᠠ ᠵᠢᠨ 11᠎ᠤ ᠡᠳᠦᠷ᠂ ᠪᠦᠭᠦ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠵᠦ ᠲᠦᠢ᠍ᠮᠡᠷ᠎ᠢ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠲᠠᠢ᠌ᠴᠢᠨ ᠬᠤᠷᠠᠯ᠎ᠢ ᠡᠷᠭᠢᠯᠡᠪᠡ᠃
      ᠬᠤᠸᠠᠩ ᡁᠢ ᠴᠢᠶᠠᠩ᠂ ᠬᠠᠪᠤᠷ᠎ᠤᠨ ᠤᠯᠠᠷᠢᠯ᠎ᠳᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠤᠨ ᠭᠠᠮᠰᠢᠭ ᠡᠭᠦᠰᠬᠦ ᠰᠢᠯᠲᠠᠭ᠋ᠠᠨ ᠣᠯᠠᠨ᠂ ᠠᠶᠤᠯ ᠲᠦᠭᠰᠢᠭᠦᠷᠢ ᠶᠡᠬᠡ ᠪᠠᠢ᠌ᠵᠤ᠂ ᠲᠦᠢ᠍ᠮᠡᠷ᠎ᠢ ᠰᠡᠷᠭᠡᠢ᠌ᠯᠡᠨ ᠲᠦᠢ᠍ᠮᠡᠷ᠎ᠢ ᠤᠨᠲᠠᠷᠠᠭ᠋ᠠᠬᠤ ᠪᠠᠢ᠌ᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠢ᠌ᠳᠠᠭ᠃ ᠲᠦᠢ᠍ᠮᠡᠷ᠎ᠢ ᠰᠡᠷᠭᠡᠢ᠌ᠯᠡᠨ ᠲᠦᠢ᠍ᠮᠡᠷ᠎ᠢ ᠤᠨᠲᠠᠷᠠᠭ᠋ᠠᠬᠤ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠬᠣᠷᠢᠭ᠎ᠠ ᠱᠤᠭᠤᠮ᠎ᠤᠨ ᠰᠡᠳᠬᠢᠬᠦᠢ᠎ᠪᠠᠨ ᠴᠢᠩᠭ᠋ᠠᠳᠬᠠᠵᠤ᠂ ᠬᠡᠷᠡᠭ ᠶᠠᠪᠤᠳᠠᠯ᠎ᠢ ᠬᠠᠮᠢᠶᠠᠷᠬᠤ ᠬᠥᠮᠥᠨ᠎ᠲᠠᠢ᠂ ᠲᠦᠢ᠍ᠮᠡᠷ᠎ᠢ ᠰᠡᠷᠭᠡᠢ᠌ᠯᠡᠬᠦ ᠬᠥᠮᠥᠨ᠎ᠲᠠᠢ᠂ ᠬᠠᠷᠢᠭᠤᠴᠠᠯᠭ᠎ᠠ ᠵᠢ ᠡᠭᠦᠷᠭᠡᠯᠡᠬᠦ ᠬᠥᠮᠥᠨ᠎ᠲᠠᠢ ᠪᠠᠢ᠌ᠬᠤ ᠵᠢ ᠪᠡᠶᠡᠯᠡᠭᠦᠯᠵᠦ᠂ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠢ᠌ᠬᠤ》 ᠬᠠᠷᠢᠭᠤᠴᠠᠯᠭ᠋ᠠᠲᠤ ᠰᠡᠳᠬᠢᠯᠭᠡ᠎ᠪᠠᠨ 《ᠶᠠᠪᠤᠳᠠᠯ ᠪᠣᠯᠭ᠋ᠠᠨ᠎ᠳᠤ ᠳᠣᠲᠣᠷ᠎ᠠ᠎ᠪᠠᠨ ᠲᠣᠭ᠎ᠠ᠎ᠲᠠᠢ ᠪᠠᠢ᠌ᠬᠤ》 ᠠᠵᠢᠯᠯᠠᠭ᠋ᠠᠨ᠎ᠤ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ᠃ 《ᠰᠡᠷᠭᠡᠢ᠌ᠯᠡᠬᠦ》 ᠵᠢ ᠲᠣᠪᠤᠢ᠌ᠯᠭ᠋ᠠᠨ ᠰᠠᠢ᠌ᠲᠤᠷ ᠠᠳᠬᠤᠵᠤ᠂ ᠣᠨᠴᠠᠭ᠋ᠠᠢ᠌ᠯᠠᠨ ᠬᠠᠩᠰᠢ᠂ 《5 · 1》 ᠵᠡᠷᠭᠡ ᠠᠶᠤᠯ ᠲᠦᠭᠰᠢᠭᠦᠷᠢ ᠶᠡᠬᠡᠲᠡᠢ ᠴᠠᠭ ᠬᠤᠭᠤᠴᠠᠭ᠎ᠠ ᠵᠢ ᠲᠣᠪᠤᠢ᠌ᠯᠭ᠋ᠠᠨ ᠰᠠᠢ᠌ᠲᠤᠷ ᠠᠳᠬᠤᠵᠤ᠂ ᠲᠦᠢ᠍ᠮᠡᠷ᠎ᠤᠨ ᠡᠬᠢ ᠰᠤᠷᠪᠤᠯᠵᠢ ᠵᠢ ᠬᠠᠮᠢᠶᠠᠷᠤᠨ ᠡᠵᠡᠮᠳᠡᠬᠦ 《ᠬᠠᠮ ᠠᠷᠭ᠎ᠠ ᠬᠡᠮᠵᠢᠶ᠎ᠡ》 ᠵᠢ ᠰᠠᠢ᠌ᠲᠤᠷ ᠠᠪᠴᠤ᠂ ᠠᠭᠤᠯᠠ ᠵᠢ ᠪᠠᠲᠤ ᠰᠠᠬᠢᠵᠤ᠂ ᠬᠥᠮᠥᠨ᠎ᠢ ᠰᠠᠢ᠌ᠲᠤᠷ ᠬᠠᠷᠠᠵᠤ᠂ ᠭᠠᠯ᠎ᠢ ᠰᠠᠢ᠌ᠲᠤᠷ ᠬᠠᠮᠢᠶᠠᠷᠬᠤ ᠬᠡᠷᠡᠭᠲᠡᠢ᠃ 《ᠤᠨᠲᠠᠷᠠᠭ᠋ᠠᠬᠤ》 ᠵᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠵᠢᠵᠢᠭᠦᠷᠯᠡᠨ ᠰᠠᠬᠢᠬᠤ ᠵᠡᠷᠭᠡ ᠳᠦᠷᠢᠮ᠎ᠢ ᠰᠠᠢ᠌ᠲᠤᠷ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠬᠥᠮᠥᠨ᠎ᠤ ᠬᠦᠴᠦᠨ᠎ᠢ ᠰᠢᠯᠢᠳᠡᠭᠵᠢᠭᠦᠯᠵᠦ᠂ ᠲᠦᠢ᠍ᠮᠡᠷ᠎ᠢ ᠤᠨᠲᠠᠷᠠᠭ᠋ᠠᠬᠤ ᠡᠳ᠋ ᠪᠣᠳᠠᠰ᠎ᠢ ᠭᠦᠢ᠍ᠴᠡᠳ ᠪᠡᠯᠡᠳᠬᠡᠵᠦ᠂ 《ᠡᠷᠲᠡ ᠤᠨᠲᠠᠷᠠᠭ᠋ᠠᠬᠤ᠂ ᠪᠠᠭ᠎ᠠ᠎ᠳᠤᠨᠢ ᠤᠨᠲᠠᠷᠠᠭ᠋ᠠᠬᠤ᠂ ᠤᠨᠲᠠᠷᠠᠭ᠋ᠠᠵᠤ ᠳᠡᠢ᠌ᠯᠭᠦ》 ᠵᠢ ᠪᠠᠲᠤᠯᠠᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠰᠠᠢ᠌ᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠦᠨ ᠵᠢᠶᠦ᠋ᠨ ᠴᠢᠩ ᠬᠥᠬᠡᠬᠣᠲᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠰᠢᠪᠲᠤᠯᠤᠯᠲᠠ》 ᠵᠢᠨ ᠢᠨᠵᠧᠨᠧᠷᠢᠩ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2024 ᠣᠨ᠎ᠤ ᠭᠤᠷᠪᠠᠳᠤᠭ᠋ᠠᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
 
            